ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠴᠢᠩᠵᠣᠷᠢᠭ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠴᠢᠩᠵᠣᠷᠢᠭ ︵ 1932 —— ︶ ᠡᠮᠡᠭᠲᠡᠢ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠦᠨ ᠲᠡᠢᠷᠦᠯᠲᠦ ᠰᠤᠮᠤ ᠶᠢᠨ ᠬᠥᠳᠡᠯᠭᠡᠭᠦᠷ ᠮᠠᠰᠢᠨ ᠤ ᠲᠤᠰᠭᠠᠢ ᠮᠡᠷᠭᠡᠵᠢᠯᠲᠡᠨ᠃ ᠥᠪᠦᠷ ᠮᠣᠩᠭᠤᠯ ᠤ᠋ᠨ ᠬᠣᠷᠴᠢᠨ ᠵᠡᠭᠦᠨ ᠭᠠᠷᠤᠨ ᠬᠣᠢᠲᠤ ᠬᠣᠰᠢᠭᠤᠨ ᠳᠤ ᠨᠤᠲᠤᠭ ᠲᠠᠢ᠃ ᠮᠣᠩᠭᠤᠯ ᠦᠨᠳᠦᠰᠦᠲᠡᠨ᠃ 1950 ᠣᠨ ᠳᠤ ᠪᠡᠭᠡᠵᠢᠩ ᠦᠨ ᠮᠣᠩᠭᠤᠯ ᠲᠥᠪᠡᠳ ᠦ᠋ᠨ ᠰᠤᠷᠭᠠᠭᠤᠯᠢ ᠳᠤ ᠰᠢᠯᠭᠠᠨ ᠣᠷᠤᠵᠤ ᠰᠤᠷᠤᠯᠴᠠᠭᠠᠳ 1956 ᠣᠨ ᠳᠤ ᠨᠠᠨᠵᠢᠩ ᠤᠨ ᠠᠭᠠᠷ ᠠᠶᠠᠯᠠᠯ ᠤᠨ ᠳᠡᠭᠡᠳᠦ ᠰᠤᠷᠭᠠᠭᠤᠯᠢ ᠶᠢᠨ ᠠᠭᠠᠷ ᠤᠨ ᠬᠥᠳᠡᠯᠭᠡᠭᠦᠷ ᠮᠠᠰᠢᠨ ᠤ ᠰᠠᠯᠪᠤᠷᠢ ᠳᠤ ᠰᠢᠯᠭᠠᠨ ᠣᠷᠤᠵᠤ ᠰᠤᠷᠤᠯᠴᠠᠪᠠ᠃ 1960 ᠣᠨ ᠳᠤ ᠶᠡᠬᠡ ᠰᠤᠷᠭᠠᠭᠤᠯᠢ ᠠᠴᠠ ᠰᠤᠷᠤᠯᠭ᠎ᠠ ᠲᠡᠭᠦᠰᠦᠭᠰᠡᠨ ᠦ ᠳᠠᠷᠠᠭ᠎ᠠ ᠬᠠᠷᠪᠢᠨ ᠳᠠᠬᠢ ᠠᠭᠠᠷ ᠤᠨ ᠬᠥᠳᠡᠯᠭᠡᠭᠦᠷ ᠮᠠᠰᠢᠨ ᠤ ᠦᠢᠯᠡᠳᠪᠦᠷᠢ ᠳᠦ ᠬᠤᠪᠢᠶᠠᠷᠢᠯᠠᠭᠳᠠᠵᠤ ᠠᠭᠠᠷ ᠠᠶᠠᠯᠠᠯ ᠤᠨ ᠬᠥᠳᠡᠯᠭᠡᠭᠦᠷ ᠮᠠᠰᠢᠨ ᠢ ᠦᠢᠯᠡᠳᠬᠦ ᠠᠵᠢᠯ ᠢ ᠡᠷᠬᠢᠯᠡᠨ ᠬᠢᠵᠡᠢ᠃ 1961 ᠣᠨ ᠳᠤ ᠳᠤᠮᠳᠠᠳᠤ ᠤᠯᠤᠰ ᠤᠨ ᠠᠭᠠᠷ ᠠᠶᠠᠯᠠᠯ ᠤᠨ ᠶᠠᠮᠤᠨ ᠤ ᠲᠡᠢᠷᠦᠯᠲᠦ ᠰᠤᠮᠤ ᠶᠢᠨ ᠬᠥᠳᠡᠯᠭᠡᠭᠦᠷ ᠮᠠᠰᠢᠨ ᠢ ᠰᠤᠳᠤᠯᠬᠤ ᠭᠠᠵᠠᠷ ᠲᠤ ᠠᠵᠢᠯ ᠰᠢᠯᠵᠢᠵᠦ᠂ ᠳᠤᠮᠳᠠᠳᠤ ᠤᠯᠤᠰ ᠤᠨ ᠤᠤᠭᠠᠨ ᠲᠡᠢᠷᠦᠯᠲᠦ ᠰᠤᠮᠤ ᠶᠢᠨ ᠬᠥᠳᠡᠯᠭᠡᠭᠦᠷ ᠮᠠᠰᠢᠨ ᠤ ᠵᠢᠷᠤᠭ ᠲᠥᠯᠦᠪᠯᠡᠭᠡ᠂ ᠰᠤᠳᠤᠯᠤᠨ ᠦᠢᠯᠡᠳᠬᠦ ᠠᠵᠢᠯ ᠳᠤ ᠣᠷᠤᠯᠴᠠᠭᠰᠠᠨ ᠶᠤᠮ᠃ 1965 ᠣᠨ ᠳᠤ ᠠᠭᠠᠷ ᠤᠨ ᠶᠠᠮᠤᠨ ᠤ ᠨᠢᠭᠡᠳᠦᠭᠡᠷ ᠰᠤᠳᠤᠯᠭᠠᠨ ᠤ ᠭᠠᠵᠠᠷ ᠤᠨ ᠲᠡᠷᠢᠭᠦᠨ ᠦ ᠠᠵᠢᠯᠲᠠᠨ ᠢᠶᠠᠷ ᠰᠣᠩᠭᠤᠭᠳᠠᠵᠠᠢ᠃ 1970 ᠣᠨ ᠳᠤ ᠱᠠᠨᠰᠢ ᠶᠢᠨ ᠹᠧᠩᠵᠧᠦ ᠳᠦ ᠠᠵᠢᠯ ᠰᠢᠯᠵᠢᠵᠦ᠂ ᠵᠠᠯᠠᠭᠤᠷᠲᠤ ᠰᠤᠮᠤ ᠶᠢᠨ ᠬᠥᠳᠡᠯᠭᠡᠭᠦᠷ ᠮᠠᠰᠢᠨ ᠢ ᠵᠢᠷᠤᠵᠤ ᠲᠥᠯᠦᠪᠯᠡᠨ ᠰᠤᠳᠤᠯᠤᠨ ᠦᠢᠯᠡᠳᠬᠦ ᠠᠵᠢᠯ ᠳᠤ ᠣᠷᠤᠯᠴᠠᠪᠠ᠃ 1978 ᠣᠨ ᠳᠤ ᠠᠩᠬᠠᠳᠠᠭᠴᠢ ᠦᠶ᠎ᠡ ᠶᠢᠨ ᠵᠠᠯᠠᠭᠤᠷᠲᠤ ᠰᠤᠮᠤ ᠶᠢᠨ ᠬᠥᠳᠡᠯᠭᠡᠭᠦᠷ ᠮᠠᠰᠢᠨ ᠢ ᠵᠢᠷᠤᠵᠤ ᠲᠥᠯᠦᠪᠯᠡᠨ ᠰᠤᠳᠤᠯᠤᠨ ᠦᠢᠯᠡᠳᠬᠦ ᠠᠵᠢᠯ ᠳᠤ ᠣᠷᠤᠯᠴᠠᠵᠤ᠂ 1980 ᠣᠨ ᠳᠤ ᠲᠤᠰ ᠰᠤᠳᠤᠯᠭᠠᠨ ᠤ ᠭᠠᠵᠠᠷ ᠤᠨ ᠲᠡᠷᠢᠭᠦᠨ ᠦ ᠠᠵᠢᠯᠲᠠᠨ ᠤ ᠴᠣᠯᠠ ᠠᠴᠠ ᠬᠦᠷᠲᠡᠵᠡᠢ᠃ 1982 ᠣᠨ ᠳᠤ 3 ᠳ᠋ᠤᠭᠠᠷ ᠲᠠᠰ ᠤᠨ ᠭᠠᠪᠢᠶ᠎ᠠ ᠪᠠᠢᠭᠤᠯᠪᠠ᠃ 1984 ᠣᠨ ᠳᠤ ᠰᠠᠨᠰᠠᠷ ᠠᠶᠠᠯᠠᠯ ᠤᠨ ᠶᠠᠮᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠦᠨ ᠦᠷ᠎ᠡ ᠪᠦᠲᠦᠭᠡᠯ ᠦᠨ 2 ᠳ᠋ᠤᠭᠠᠷ ᠲᠠᠰ ᠤᠨ ᠱᠠᠩᠨᠠᠯ ᠠᠴᠠ ᠭᠠᠷᠳᠠᠵᠤ᠂ 1985 ᠣᠨ ᠳᠤ 2 ᠳ᠋ᠤᠭᠠᠷ ᠲᠠᠰ ᠤᠨ ᠭᠠᠪᠢᠶ᠎ᠠ ᠪᠠᠢᠭᠤᠯᠵᠠᠢ᠃ 1986—— 1988 ᠣᠨ ᠤ ᠬᠣᠭᠤᠷᠤᠨᠳᠤ ᠲᠣᠮᠤ ᠲᠦᠯᠬᠢᠯᠲᠡ ᠶᠢᠨ ᠬᠥᠳᠡᠯᠭᠡᠭᠦᠷ ᠮᠠᠰᠢᠨ ᠤ ᠵᠢᠷᠤᠭ ᠲᠥᠯᠦᠪᠯᠡᠨ ᠰᠤᠳᠤᠯᠤᠨ ᠦᠢᠯᠡᠳᠬᠦ ᠠᠵᠢᠯ ᠳᠤ ᠣᠷᠤᠯᠴᠠᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠦᠨ ᠦᠷ᠎ᠡ ᠪᠦᠲᠦᠭᠡᠯ ᠦᠨ ᠱᠠᠩᠨᠠᠯ ᠠᠴᠠ ᠭᠠᠷᠳᠠᠵᠠᠢ᠃ 1989—— 1990 ᠣᠨ ᠤ ᠬᠣᠭᠤᠷᠤᠨᠳᠤ ᠢᠲ᠋ᠠᠯᠢ ᠶᠢᠨ ᠲᠡᠷᠢᠭᠦᠨ ᠦ ᠲᠧᠭᠨᠢᠭ ᠮᠡᠷᠭᠡᠵᠢᠯ ᠢ ᠤᠯᠤᠰ ᠤᠨ ᠦᠢᠯᠡᠳᠬᠡᠭᠦᠨ ᠪᠣᠯᠭᠠᠬᠤ ᠳᠤ ᠬᠤᠪᠢ ᠨᠡᠮᠡᠷᠢ ᠨᠡᠮᠡᠷᠢᠯᠡᠵᠡᠢ᠃ 1997 ᠣᠨ ᠤ 600 ᠺᠢᠯᠣᠸᠠᠲ ᠤᠨ ᠰᠠᠯᠬᠢᠨ ᠤ ᠬᠦᠴᠦ ᠪᠡᠷ ᠴᠠᠬᠢᠯᠭᠠᠨ ᠭᠠᠷᠭᠠᠬᠤ ᠮᠠᠰᠢᠨ ᠤ ᠵᠢᠷᠤᠭ ᠲᠥᠯᠦᠪᠯᠡᠨ ᠰᠤᠳᠤᠯᠤᠨ ᠦᠢᠯᠡᠳᠬᠦ ᠠᠵᠢᠯ ᠳᠤ ᠣᠷᠤᠯᠴᠠᠪᠠ᠃ 1998 ᠣᠨ ᠳᠤ ᠰᠠᠯᠬᠢᠨ ᠤ ᠬᠦᠴᠦ ᠪᠡᠷ ᠴᠠᠬᠢᠯᠭᠠᠨ ᠭᠠᠷᠭᠠᠬᠤ ᠮᠠᠰᠢᠨ ᠤ ᠵᠢᠶᠠᠰᠠ ᠶᠢᠨ ᠪᠦᠲᠦᠴᠡ ᠶᠢᠨ ᠵᠢᠷᠤᠭ ᠲᠥᠯᠦᠪᠯᠡᠭᠡ ᠶ᠋ᠢ ᠪᠡᠶᠡᠯᠡᠭᠦᠯᠵᠦ᠂ 1999 ᠣᠨ ᠳᠤ ᠭᠣᠣᠯ ᠮᠠᠰᠢᠨ ᠤ ᠬᠡᠰᠡᠭ ᠦᠨ ᠪᠦᠲᠦᠴᠡ ᠶᠢᠨ ᠵᠢᠷᠤᠭ ᠲᠥᠯᠦᠪᠯᠡᠭᠡ ᠶ᠋ᠢᠨ ᠠᠵᠢᠯ ᠢ ᠪᠡᠶᠡᠯᠡᠭᠦᠯᠵᠡᠢ᠃ ᠡᠨᠡ ᠬᠦ ᠬᠡᠯᠪᠡᠷᠢ ᠶᠢᠨ ᠵᠢᠷᠤᠭ ᠲᠥᠯᠦᠪᠯᠡᠭᠡ ᠨᠢ ᠤᠯᠤᠰ ᠤᠨ ᠳᠣᠲᠤᠭᠠᠳᠤ ᠳ᠋ᠤ᠌ ᠠᠩᠬ᠎ᠠ ᠤᠳᠠᠭ᠎ᠠ ᠢᠯᠡᠷᠡᠭᠰᠡᠨ ᠶᠤᠮ᠃