ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠰᠠᠩᠵᠠᠢᠵᠠᠪ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠰᠠᠩᠵᠠᠢᠵᠠᠪ ︵ 1948—— ︶ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠦᠨ ᠥᠪᠦᠷ ᠮᠣᠩᠭᠤᠯ ᠤ᠋ᠨ ᠴᠡᠷᠢᠭ ᠦ᠋ᠨ ᠲᠣᠭᠤᠷᠢᠭ ᠤᠨ ᠵᠢᠯᠤᠭᠤᠳᠤᠭᠴᠢ᠃ ᠥᠪᠦᠷ ᠮᠣᠩᠭᠤᠯ ᠤ᠋ᠨ ᠵᠢᠷᠢᠮ ᠠᠢᠮᠠᠭ ᠤᠨ ᠬᠣᠷᠴᠢᠨ ᠵᠡᠭᠦᠨ ᠭᠠᠷᠤᠨ ᠬᠣᠢᠲᠤ ᠬᠣᠰᠢᠭᠤᠨ ᠳᠤ ᠨᠤᠲᠤᠭ ᠲᠠᠢ᠂ ᠮᠣᠩᠭᠤᠯ ᠦᠨᠳᠦᠰᠦᠲᠡᠨ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ 1955—— 1959 ᠣᠨ ᠳᠤ ᠬᠣᠷᠴᠢᠨ ᠵᠡᠭᠦᠨ ᠭᠠᠷᠤᠨ ᠬᠣᠢᠲᠤ ᠬᠣᠰᠢᠭᠤᠨ ᠤ ᠵᠡᠭᠦᠨ ᠬᠤᠸᠠᠳᠧᠩ ᠰᠢᠶᠠᠩ ᠤᠨ ᠪᠠᠭ᠎ᠠ ᠰᠤᠷᠭᠠᠭᠤᠯᠢ ᠳᠤ ᠪᠢᠴᠢᠭ ᠦᠵᠡᠪᠡ᠃ 1959——1963 ᠣᠨ ᠳᠤ ᠬᠣᠷᠴᠢᠨ ᠵᠡᠭᠦᠨ ᠭᠠᠷᠤᠨ ᠬᠣᠢᠲᠤ ᠬᠣᠰᠢᠭᠤᠨ ᠤ ᠭᠠᠨᠵᠤᠭ᠎ᠠ ᠳᠤᠮᠳᠠᠳᠤ ᠰᠤᠷᠭᠠᠭᠤᠯᠢ ᠳᠤ ᠰᠤᠷᠤᠯᠴᠠᠵᠠᠢ᠃ 1963 —— l366 ᠣᠨ ᠳᠤ ᠰᠢᠯᠢ ᠶᠢᠨ ᠭᠣᠣᠯ ᠠᠢᠮᠠᠭ ᠤᠨ ᠵᠡᠭᠦᠨ ᠰᠥᠨᠢᠳ ᠬᠣᠰᠢᠭᠤᠨ ᠤ ᠠᠮᠤ ᠪᠤᠳᠠᠭ᠎ᠠ ᠶᠢᠨ ᠥᠷᠲᠡᠭᠡ ᠳ᠋ᠦ᠍ ᠠᠵᠢᠯᠯᠠᠵᠠᠢ᠃ 1966 ᠣᠨ ᠳᠤ ᠴᠡᠷᠢᠭ ᠲᠦ ᠡᠯᠰᠡᠭᠳᠡᠵᠦ᠂ ᠤᠷᠢᠳ ᠬᠣᠵᠢᠳ ᠵᠡᠭᠦᠨ ᠦᠵᠦᠮᠦᠴᠢᠨ ᠬᠣᠰᠢᠭᠤᠨ ᠤ ᠤᠯᠢᠶᠠᠰᠤᠲᠠᠢ ᠶᠢᠨ ᠬᠢᠯᠢ ᠶᠢᠨ ᠰᠡᠷᠭᠡᠢᠯᠡᠯᠲᠡ ᠶᠢᠨ ᠶᠡᠷᠦᠩᠬᠡᠢ ᠥᠷᠲᠡᠭᠡ ᠳ᠋ᠦ᠍ ᠪᠠᠢᠯᠳᠤᠭᠴᠢ᠂ ᠲᠠᠰᠤᠭ ᠤᠨ ᠳᠠᠷᠤᠭ᠎ᠠ᠂ ᠤᠯᠠᠭᠠᠨᠴᠠᠪ ᠠᠢᠮᠠᠭ ᠤᠨ ᠬᠢᠯᠢ ᠶᠢᠨ ᠰᠡᠷᠭᠡᠢᠯᠡᠯᠲᠡ ᠶᠢᠨ ᠥᠷᠲᠡᠭᠡ ᠶ᠋ᠢᠨ ᠰᠠᠯᠠᠭᠠᠨ ᠳᠠᠷᠤᠭ᠎ᠠ᠂ ᠤᠯᠢᠶᠠᠰᠤᠲᠠᠢ ᠶᠢᠨ ᠬᠢᠯᠢ ᠶᠢᠨ ᠰᠡᠷᠭᠡᠢᠯᠡᠯᠲᠡ ᠶᠢᠨ ᠶᠡᠷᠦᠩᠬᠡᠢ ᠥᠷᠲᠡᠭᠡ ᠶ᠋ᠢᠨ ᠰᠤᠮᠤ ᠶᠢᠨ ᠲᠠᠰ ᠤᠨ ᠱᠲ᠋ᠠᠪᠴᠢ ᠶᠢᠨ ᠲᠤᠰᠢᠶᠠᠯ ᠢ ᠬᠠᠷᠢᠭᠤᠴᠠᠵᠠᠢ᠃ 1972——1986 ᠣᠨ ᠤ ᠬᠣᠭᠤᠷᠤᠨᠳᠤ ᠤᠷᠢᠳ ᠬᠣᠵᠢᠳ ᠰᠢᠯᠢ ᠶᠢᠨ ᠭᠣᠣᠯ ᠤᠨ ᠴᠡᠷᠢᠭ ᠦᠨ ᠬᠤᠪᠢᠶᠠᠷᠢ ᠲᠣᠭᠤᠷᠢᠭ ᠤᠨ ᠰᠤᠷᠭᠠᠭᠤᠯᠢᠯᠠᠯ ᠤᠨ ᠬᠡᠯᠲᠡᠰ ᠦᠨ ᠱᠲ᠋ᠠᠪᠴᠢ᠂ ᠬᠢᠯᠢ ᠶᠢᠨ ᠰᠡᠷᠭᠡᠢᠯᠡᠯᠲᠡ ᠶᠢᠨ ᠬᠡᠯᠲᠡᠰ ᠦᠨ ᠳᠡᠳ᠋ ᠬᠡᠯᠲᠡᠰ ᠦᠨ ᠳᠠᠷᠤᠭ᠎ᠠ᠂ ᠬᠡᠯᠲᠡᠰ ᠦᠨ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ᠃ ᠡᠨᠡ ᠬᠦ ᠬᠤᠭᠤᠴᠠᠭᠠᠨ ᠳᠤ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠦᠨ ᠨᠠᠨᠵᠢᠩ ᠤᠨ ᠳᠡᠭᠡᠳᠦ ᠵᠡᠷᠭᠡ ᠶᠢᠨ ᠶᠠᠪᠠᠭᠠᠨ ᠴᠡᠷᠢᠭ ᠦᠨ ᠰᠤᠷᠭᠠᠭᠤᠯᠢ ᠳᠤ ᠬᠣᠶᠠᠷ ᠵᠢᠯ ᠰᠤᠷᠤᠯᠴᠠᠭᠠᠳ ᠬᠣᠵᠢᠮ ᠨᠢ ᠬᠢᠯᠢ ᠶᠢᠨ ᠰᠡᠷᠭᠡᠢᠯᠡᠯᠲᠡ ᠶᠢᠨ 3 ᠳ᠋ᠤᠭᠠᠷ ᠬᠣᠷᠢᠶᠠᠨ ᠤ᠋ ᠬᠣᠷᠢᠶᠠᠨ ᠳᠠᠷᠤᠭ᠎ᠠ ᠪᠣᠯᠪᠠ᠃ 1986 ᠣᠨ ᠠᠴᠠ 1989 ᠣᠨ ᠳᠤ ᠥᠪᠦᠷ ᠮᠣᠩᠭᠤᠯ ᠤ᠋ᠨ ᠴᠡᠷᠢᠭ ᠦᠨ ᠲᠣᠭᠤᠷᠢᠭ ᠤᠨ ᠠᠷᠤ ᠲᠠᠯ᠎ᠠ ᠶᠢᠨ ᠦᠢᠯᠡᠴᠢᠯᠡᠭᠡᠨ ᠦ ᠬᠡᠯᠲᠡᠰ ᠦᠨ ᠬᠣᠷᠢᠨᠭᠡᠷ ᠲᠡᠬᠢ ᠶᠡᠷᠦᠩᠬᠡᠢ ᠰᠠᠩ ᠬᠥᠮᠦᠷᠭᠡ ᠶ᠋ᠢᠨ ᠡᠷᠬᠢᠯᠡᠭᠴᠢ ᠶᠢᠨ ᠲᠤᠰᠢᠶᠠᠯ ᠢ ᠬᠠᠷᠢᠭᠤᠴᠠᠵᠠᠢ᠃ ᠡᠨᠡ ᠬᠦ ᠬᠤᠭᠤᠴᠠᠭᠠᠨ ᠳᠤ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠦᠨ ᠱᠢ ᠵᠢᠶᠠ ᠵᠤᠸᠠᠩ ᠤᠨ ᠳᠡᠭᠡᠳᠦ ᠵᠡᠷᠭᠡ ᠶᠢᠨ ᠶᠠᠪᠠᠭᠠᠨ ᠴᠡᠷᠢᠭ ᠦᠨ ᠰᠤᠷᠭᠠᠭᠤᠯᠢ ᠳᠤ 2 ᠵᠢᠯ ᠰᠤᠷᠤᠯᠴᠠᠭᠰᠠᠨ ᠶᠤᠮ᠃ 1989—— 1990 ᠣᠨ ᠳᠤ ᠰᠢᠯᠢ ᠶᠢᠨ ᠭᠣᠣᠯ ᠤᠨ ᠴᠡᠷᠢᠭ ᠦᠨ ᠬᠤᠪᠢᠶᠠᠷᠢ ᠲᠣᠭᠤᠷᠢᠭ ᠤᠨ ᠱᠲ᠋ᠠᠪ ᠤᠨ ᠳᠠᠷᠤᠭ᠎ᠠ ᠪᠣᠯᠪᠠ᠃ 1990——1996 ᠣᠨ ᠳᠤ ᠥᠪᠦᠷ ᠮᠣᠩᠭᠤᠯ ᠤ᠋ᠨ ᠴᠡᠷᠢᠭ ᠦᠨ ᠲᠣᠭᠤᠷᠢᠭ ᠤᠨ ᠠᠷᠤ ᠲᠠᠯ᠎ᠠ ᠶᠢᠨ ᠦᠢᠯᠡᠴᠢᠯᠡᠭᠡᠨ ᠦ ᠬᠡᠯᠲᠡᠰ ᠦᠨ ᠳᠡᠳ᠋ ᠳᠠᠷᠤᠭ᠎ᠠ ᠪᠣᠯᠵᠠᠢ᠃ 1996——2003 ᠣᠨ ᠳᠤ ᠤᠯᠠᠭᠠᠨᠬᠠᠳᠠ ᠶᠢᠨ ᠴᠡᠷᠢᠭ ᠦᠨ ᠬᠤᠪᠢᠶᠠᠷᠢ ᠲᠣᠭᠤᠷᠢᠭ ᠤᠨ ᠰᠧᠯᠢᠩᠶᠤᠸᠠᠨ ᠪᠣᠯᠪᠠ᠃ 2003 ᠣᠨ ᠳᠤ ᠥᠪᠦᠷ ᠮᠣᠩᠭᠤᠯ ᠤ᠋ᠨ ᠴᠡᠷᠢᠭ ᠦᠨ ᠲᠣᠭᠤᠷᠢᠭ ᠤᠨ ᠳᠡᠳ᠋ ᠰᠧᠯᠢᠩᠶᠤᠸᠠᠨ ᠪᠣᠯᠵᠤ᠂ 2004 ᠣᠨ ᠳᠤ ᠬᠣᠰᠢᠭᠤᠴᠢ ᠭᠧᠨᠧᠷᠡᠯ ᠦ᠋ᠨ ᠴᠡᠷᠢᠭ ᠦᠨ ᠴᠣᠯᠠ ᠣᠯᠪᠠ᠃ 3 ᠤᠳᠠᠭ᠎ᠠ 3 ᠳ᠋ᠤᠭᠠᠷ ᠲᠠᠰ ᠤᠨ ᠭᠠᠪᠢᠶ᠎ᠠ ᠪᠠᠢᠭᠤᠯᠵᠤ ᠥᠩᠭᠡᠷᠡᠭᠰᠡᠨ ᠪᠢᠯᠡ᠃