ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

 ᠲᠡᠢ ᠰᠢ ᠳ᠋ᠧ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

 ᠲᠡᠢ ᠰᠢ ᠳ᠋ᠧ ︵ 1928——2000︶ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠦᠨ ᠮᠣᠷᠢᠲᠤ ᠴᠡᠷᠢᠭ ᠦᠨ 7 ᠪᠠᠢᠯᠳᠤᠭᠠᠨ ᠤ ᠪᠠᠭᠠᠲᠤᠷ᠃ ᠬᠠᠷᠠᠮᠥ᠋ᠷᠡᠨ ᠮᠤᠵᠢ ᠶᠢᠨ ᠲᠠᠢ ᠯᠠᠢ ᠰᠢᠶᠠᠨ ᠳᠤ ᠨᠤᠲᠤᠭ ᠲᠠᠢ᠃ ᠮᠣᠩᠭᠤᠯ ᠦᠨᠳᠦᠰᠦᠲᠡᠨ᠃ 7 ᠲᠡᠷᠡ 17 ᠨᠠᠰᠤᠨ ᠳᠠᠭᠠᠨ ᠵᠡᠭᠦᠨ ᠬᠣᠢᠲᠤ ᠣᠷᠤᠨ ᠤ᠋ ᠠᠷᠠᠳᠴᠢᠯᠠᠭᠰᠠᠨ ᠬᠣᠯᠪᠤᠭᠠᠲᠤ ᠴᠡᠷᠢᠭ ᠲᠦ ᠣᠷᠤᠵᠤ᠂ 18 ᠨᠠᠰᠤᠲᠠᠢ ᠳᠠᠭᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠢᠶᠡᠷ ᠡᠯᠰᠡᠭᠳᠡᠵᠡᠢ᠃ ᠲᠡᠷᠡ 200 ᠭᠠᠷᠤᠶ ᠤᠳᠠᠭᠠᠨ ᠤ ᠲᠤᠯᠤᠯᠳᠤᠭᠠᠨ ᠳᠤ ᠪᠡᠶ᠎ᠡ ᠪᠡᠷ ᠢᠶᠡᠨ ᠣᠷᠤᠯᠴᠠᠵᠤ ᠠᠭᠲᠠ ᠬᠦᠯᠦᠭ ᠦᠨ ᠭᠦᠶᠦᠳᠡᠯ ᠢᠶᠡᠷ ᠠᠲᠠᠭᠠᠲᠠᠨ ᠳᠠᠢᠰᠤᠨ ᠢ 40 ᠭᠠᠷᠤᠶ ᠤᠳᠠᠭ᠎ᠠ ᠳᠠᠭᠠᠷᠢᠭᠠᠳ ᠠᠰᠤᠷᠤ ᠣᠯᠠᠨ ᠪᠠᠢᠯᠳᠤᠭᠠᠨ ᠤ ᠭᠠᠢᠬᠠᠮᠰᠢᠭᠲᠤ ᠭᠠᠪᠢᠶ᠎ᠠ ᠪᠠᠢᠭᠤᠯᠤᠭᠰᠠᠨ ᠶᠤᠮ᠃ 1946 ᠣᠨ ᠤ 4 ᠰᠠᠷ᠎ᠠ ᠳᠤ ᠴᠢᠴᠢᠬᠠᠷ ᠢ ᠴᠢᠯᠥᠭᠡᠯᠡᠬᠦ ᠲᠤᠯᠤᠯᠳᠤᠭᠠᠨ ᠳᠤᠮᠳᠠ ᠲᠡᠭᠦᠨ ᠦ ᠪᠠᠢᠭ᠎ᠠ ᠰᠤᠮᠤᠨ ᠠᠩᠭᠢ ᠨᠢ ᠪᠠ ᠯᠢ ᠭᠠᠩᠽᠢ ᠶᠢ ᠳᠠᠭᠠᠷᠢᠨ ᠡᠵᠡᠯᠡᠬᠦ ᠡᠭᠦᠷᠭᠡ ᠶᠢ ᠬᠦᠯᠢᠶᠡᠪᠡ᠃ ᠲᠡᠷᠡ ᠬᠣᠰᠢᠭᠤᠴᠢ ᠴᠡᠷᠢᠭ ᠦᠨ ᠲᠠᠰᠤᠭ ᠤᠨ ᠭᠠᠪᠰᠢᠭᠠᠢ ᠳᠤᠭᠤᠢᠯᠠᠩ ᠢ ᠳᠠᠭᠠᠭᠤᠯᠤᠨ ᠳᠠᠢᠰᠤᠨ ᠤ ᠵᠢᠭᠰᠠᠭᠠᠯ ᠤᠨ ᠭᠠᠵᠠᠷ ᠲᠤ ᠰᠢᠪᠲᠤᠯᠤᠨ ᠣᠷᠤᠵᠤ᠂ ᠡᠷᠡᠯᠬᠡᠭ ᠢᠶᠡᠷ ᠲᠤᠯᠤᠯᠳᠤᠭᠠᠳ ᠪᠦᠷᠢᠨ ᠢᠯᠠᠯᠲᠠ ᠣᠯᠵᠠᠢ᠃ 1917 ᠣᠨ ᠤ 12 ᠰᠠᠷ᠎ᠠ ᠳᠤ᠂ ᠰᠧ ᠫᠢᠩ ᠦᠨ ᠠᠷᠤ ᠶᠢᠨ ᠳ᠋ᠠ ᠸᠠ ᠣᠷᠤᠨ ᠳ᠋ᠤ᠌ ᠭᠣᠮᠢᠨᠳᠠᠩ ᠤᠨ ᠴᠡᠷᠢᠭ ᠦᠨ 79  ᠳᠦᠭᠡᠷ ᠠᠷᠮᠢ ᠶᠢᠨ 271  ᠳᠦᠭᠡᠷ ᠬᠣᠷᠢᠶ᠎ᠠ ᠶᠢ ᠰᠥᠨᠦᠭᠡᠬᠦ ᠲᠤᠯᠤᠯᠳᠤᠭᠠᠨ ᠳᠤ᠂ ᠲᠡᠷᠡ ᠳᠡᠭᠡᠳᠦ ᠱᠠᠲᠤᠨ ᠤ ᠵᠠᠷᠯᠢᠭ ᠢᠶᠠᠷ ᠰᠤᠮᠤᠨ ᠠᠩᠭᠢ ᠪᠠᠨ ᠳᠠᠭᠠᠭᠤᠯᠵᠤ ᠠᠭᠲᠠ ᠬᠦᠯᠦᠭ ᠢᠶᠡᠷ ᠠᠲᠠᠭᠠᠲᠠᠨ ᠳᠠᠢᠰᠤᠨ ᠢ ᠳᠠᠭᠠᠷᠢᠨ ᠳᠣᠪᠲᠤᠯᠵᠤ ᠬᠠᠮᠤᠭ ᠤᠨ ᠲᠦᠷᠦᠭᠦᠨ ᠳᠦ ᠭᠠᠪᠰᠢᠭᠠᠢᠯᠠᠵᠤ ᠬᠠᠷᠭᠢᠰ ᠳᠠᠢᠰᠤᠨ ᠤ ᠳᠤᠮᠳᠠ ᠴᠥᠮᠦᠷᠡᠨ ᠣᠷᠤᠵᠤ ᠡᠷᠡᠯᠬᠡᠭ ᠪᠠᠭᠠᠲᠤᠷᠯᠢᠭ ᠢᠶᠠᠷ ᠲᠤᠯᠤᠯᠳᠤᠪᠠ᠃ 1948 ᠣᠨ ᠤ 2 ᠰᠠᠷ᠎ᠠ ᠳᠤ ᠵᠡᠭᠦᠨ ᠬᠣᠢᠲᠤ ᠣᠷᠤᠨ ᠤ᠋ ᠠᠷᠠᠳᠴᠢᠯᠠᠭᠰᠠᠨ ᠬᠣᠯᠪᠤᠭᠠᠲᠤ ᠴᠡᠷᠢᠭ ᠦᠨ ᠤᠳᠤᠷᠢᠳᠬᠤ ᠠᠯᠪᠠᠨ ᠪᠠᠢᠭᠤᠯᠤᠯᠭ᠎ᠠ ᠠᠴᠠ ᠲᠡᠭᠦᠨ ᠳᠦ l ᠤᠳᠠᠭᠠᠨ ᠤ ᠣᠨᠴᠠ ᠲᠠᠰ ᠤᠨ ᠭᠠᠪᠢᠶ᠎ᠠ ᠲᠡᠮᠳᠡᠭᠯᠡᠨ ᠥᠭᠴᠦ ᠪᠠᠭᠠᠲᠤᠷ ᠤᠨ ᠣᠳᠤᠨ ᠮᠧᠳᠠᠯ ᠣᠯᠭᠤᠵᠠᠢ᠃ 1950 ᠣᠨ ᠤ 8 ᠰᠠᠷ᠎ᠠ ᠳᠤ ᠲᠠᠢᠨ ᠥᠪᠦᠷ ᠮᠣᠩᠭᠤᠯ ᠤ᠋ᠨ ᠴᠡᠷᠢᠭ ᠦᠨ ᠲᠣᠭᠤᠷᠢᠭ ᠤᠨ ᠴᠢᠭᠤᠯᠤᠯᠲᠤ ᠬᠠᠭᠠᠯᠭ᠎ᠠ ᠳᠤ ᠬᠤᠷᠠᠯᠳᠤᠭᠤᠯᠤᠭᠰᠠᠨ ᠠᠩᠬᠠᠳᠤᠭᠠᠷ ᠬᠤᠭᠤᠴᠠᠭᠠᠨ ᠤ ᠪᠠᠢᠯᠳᠤᠭᠠᠨ ᠤ ᠪᠠᠭᠠᠲᠤᠷ ᠬᠥᠳᠡᠯᠮᠦᠷᠢ ᠶᠢᠨ ᠵᠢᠱ᠌ᠢᠶᠡᠴᠢᠳ ᠦ᠋ᠨ ᠲᠥᠯᠦᠭᠡᠯᠡᠭᠴᠢᠳ ᠦ᠋ᠨ ᠶᠡᠬᠡ ᠬᠤᠷᠠᠯ ᠳᠤ ᠣᠷᠤᠯᠴᠠᠵᠤ᠂ ᠪᠦᠬᠦ ᠤᠯᠤᠰ ᠤᠨ ᠪᠠᠢᠯᠳᠤᠭᠠᠨ ᠤ ᠪᠠᠭᠠᠲᠤᠷ ᠤᠨ ᠴᠣᠯᠠ ᠣᠯᠵᠠᠢ᠃ 9 ᠰᠠᠷ᠎ᠠ ᠳᠤ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠪᠠᠢᠯᠳᠤᠭᠠᠨ ᠤ ᠪᠠᠭᠠᠲᠤᠷ ᠤᠨ ᠲᠥᠯᠦᠭᠡᠯᠡᠭᠴᠢᠳ ᠦ᠋ᠨ ᠶᠡᠬᠡ ᠬᠤᠷᠠᠯ ᠳᠤ ᠣᠷᠤᠯᠴᠠᠵᠤ ᠪᠦᠬᠦ ᠤᠯᠤᠰ ᠤᠨ ᠪᠠᠢᠯᠳᠤᠭᠠᠨ ᠤ ᠪᠠᠭᠠᠲᠤᠷ ᠤᠨ ᠴᠣᠯᠠ ᠣᠯᠵᠠᠢ᠃ ᠬᠤᠷᠠᠯᠳᠤᠭᠠᠨ ᠤ ᠬᠤᠭᠤᠴᠠᠭᠠᠨ ᠳᠤ ᠲᠡᠷᠢᠭᠦᠯᠡᠭᠴᠢ ᠮᠠᠤ ᠽᠸ ᠳ᠋ᠦᠩ ᠲᠠᠳᠠ ᠨᠠᠷ ᠢ ᠤᠷᠢᠵᠤ ᠤᠯᠤᠰ ᠤᠨ ᠪᠠᠶᠠᠷ ᠤᠨ ᠦᠵᠡᠭᠦᠯᠦᠯᠭᠡ ᠶᠢᠨ ᠶᠣᠰᠣᠯᠠᠯ ᠳᠤ ᠣᠷᠤᠯᠴᠠᠭᠤᠯᠵᠤ᠂ ᠵᠧᠦ ᠧᠨ ᠯᠠᠢ ᠶᠡᠷᠦᠩᠬᠡᠢ ᠰᠠᠢᠳ ᠵᠦ᠍ ᠳ᠋ᠧ ᠶᠡᠷᠦᠩᠬᠡᠢ ᠰᠧᠯᠢᠩ ᠦᠨ ᠳᠣᠲᠤᠨᠤ ᠠᠭᠤᠯᠵᠠᠯᠲᠠ ᠶᠢ ᠬᠦᠯᠢᠶᠡᠵᠡᠢ᠃ ᠠᠯᠳᠠᠷᠲᠤ ᠤᠷᠠᠯᠢᠭ ᠤᠨ ᠶᠡᠬᠡ ᠪᠠᠭᠰᠢ ᠰᠢᠦᠢ ᠪᠧᠢ ᠬᠣᠩ ᠲᠡᠭᠦᠨ ᠳᠦ ᠵᠢᠷᠤᠭ ᠵᠢᠷᠤᠨ ᠥᠭᠴᠦ᠂ 《ᠳᠤᠮᠳᠠᠳᠤ ᠤᠯᠤᠰ ᠤᠨ ᠨᠡᠪᠲᠡᠷᠬᠡᠢ ᠲᠣᠯᠢ ᠪᠢᠴᠢᠭ》 ᠦᠨ ᠬᠥᠮᠦᠰ ᠦ᠋ᠨ ᠵᠤᠷᠪᠤᠰ ᠲᠤ ᠲᠡᠭᠦᠨ ᠦ ᠲᠤᠬᠠᠶ ᠵᠤᠷᠪᠤᠰ ᠪᠠᠢᠳᠠᠭ᠃