ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠲᠢᠩ ᠮᠣᠣ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠲᠢᠩ ᠮᠣᠣ ︵ 1913——2004︶ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠦᠨ ᠥᠪᠦᠷ ᠮᠣᠩᠭᠤᠯ ᠤ᠋ᠨ ᠴᠡᠷᠢᠭ ᠦᠨ ᠲᠣᠭᠤᠷᠢᠭ ᠤᠨ ᠳᠡᠭᠡᠳᠦ ᠵᠡᠷᠭᠡ ᠶᠢᠨ ᠺᠣᠮᠠᠨᠳ᠋ᠯᠠᠭᠴᠢ᠂ ᠵᠠᠩᠵᠤᠨ᠂ ᠮᠣᠩᠭᠤᠯ ᠦᠨᠳᠦᠰᠦᠲᠡᠨ᠂ ᠯᠢᠶᠣᠣᠨᠢᠩ ᠮᠤᠵᠢ ᠶᠢᠨ ᠮᠦᠭᠳᠡᠨ ᠳᠦ ᠨᠤᠲᠤᠭ ᠲᠠᠢ᠃ ᠪᠠᠯᠴᠢᠷ ᠪᠠᠭ᠎ᠠ ᠨᠠᠰᠤᠨ ᠳᠠᠭᠠᠨ ᠬᠡᠷ ᠦᠨ ᠰᠤᠷᠭᠠᠭᠤᠯᠢ ᠳᠤ ᠪᠢᠴᠢᠭ ᠦᠵᠡᠵᠦ᠂ 1928 ᠣᠨ ᠳᠤ ᠹᠧᠩ ᠶᠦᠩ ᠦᠨ ᠬᠤᠪᠢ ᠪᠠᠷ ᠢᠶᠠᠨ ᠪᠠᠢᠭᠤᠯᠤᠭᠰᠠᠨ ᠶᠡᠬᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠳᠤ ᠰᠢᠯᠭᠠᠨ ᠣᠷᠤᠵᠠᠢ᠃ ᠡᠨᠡ ᠬᠦ ᠰᠤᠷᠭᠠᠭᠤᠯᠢ ᠨᠢ ᠰᠠᠨ ᠮᠢᠨ ᠦᠵᠡᠯ ᠦᠨ ᠲᠤᠬᠠᠶ ᠶᠠᠫᠣᠨ ᠢ ᠡᠰᠡᠷᠭᠦᠴᠡᠨ ᠤᠯᠤᠰ ᠢᠶᠠᠨ ᠠᠪᠤᠷᠠᠬᠤ ᠦᠵᠡᠯ ᠰᠠᠨᠠᠭᠠᠨ ᠤ ᠬᠢᠴᠢᠶᠡᠯ ᠣᠷᠤᠵᠤ ᠴᠡᠷᠢᠭ ᠲᠡᠢᠨ ᠢ ᠰᠤᠷᠤᠯᠴᠠᠬᠤ᠂ ᠴᠡᠷᠢᠭ ᠦᠨ ᠰᠤᠷᠭᠠᠭᠤᠯᠢᠯᠠᠯ ᠪᠣᠯᠪᠠᠰᠤᠷᠠᠯ ᠬᠢᠬᠦ ᠣᠨᠴᠠᠭᠠᠢ ᠰᠤᠷᠭᠠᠭᠤᠯᠢ ᠪᠣᠯᠬᠤ ᠶᠤᠮ᠃ ᠡᠨᠡ ᠬᠦ ᠬᠤᠭᠤᠴᠠᠭᠠᠨ ᠳᠤ ᠲᠢᠩ ᠮᠣᠣ《ᠨᠡᠢᠭᠡᠮ ᠵᠢᠷᠤᠮ》᠂ 《ᠵᠠᠰᠠᠭ ᠦᠭᠡᠢ ᠦᠵᠡᠯ》᠂ 《ᠡᠪ ᠬᠠᠮᠲᠤ ᠶᠢᠨ ᠦᠵᠡᠯ》 ᠮᠡᠲᠦ ᠶᠢᠨ ᠨᠣᠮ ᠪᠢᠴᠢᠭ  ᠣᠷᠤᠨ ᠢ᠋ ᠴᠥᠭᠡᠨ ᠪᠤᠰᠤ ᠤᠩᠰᠢᠵᠤ ᠡᠯ᠎ᠡ ᠪᠦᠯᠦᠭᠲᠡᠨ ᠦ ᠰᠤᠷᠭᠠᠯ ᠯᠤᠭ᠎ᠠ ᠣᠢᠷᠠᠲᠤᠵᠠᠢ᠃ 193 ᠣᠨ ᠳᠤ ᠥᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠠᠪᠰᠢᠵᠠᠢ᠃ 《9 • 18》 ᠤ ᠬᠡᠷᠡᠭ ᠬᠤᠪᠢᠰᠤᠯ ᠭᠠᠷᠴᠤ ᠶᠠᠫᠣᠨ ᠴᠡᠷᠢᠭ ᠮᠦᠭᠳᠡᠨ ᠢ ᠡᠵᠡᠯᠡᠭᠰᠡᠨ ᠳᠦ᠂ ᠲᠡᠭᠦᠨ ᠦ ᠰᠡᠳᠭᠢᠯ ᠳ᠋ᠦ᠍ ᠶᠠᠫᠣᠨ ᠢ ᠡᠰᠡᠷᠭᠦᠴᠡᠨ ᠤᠯᠤᠰ ᠢᠶᠠᠨ ᠠᠪᠤᠷᠠᠬᠤ ᠦᠵᠡᠯ ᠰᠠᠨᠠᠭ᠎ᠠ ᠴᠢᠩᠭ᠎ᠠ ᠲᠥᠷᠦᠭᠳᠡᠪᠡ᠃ ᠲᠡᠷᠡ ᠲᠤᠰ ᠰᠤᠷᠭᠠᠭᠤᠯᠢ ᠶᠢᠨ ᠪᠠᠭᠰᠢ ᠰᠤᠷᠤᠭᠴᠢᠳ ᠲᠠᠢ ᠪᠠᠨ ᠬᠠᠮᠲᠤ ᠪᠡᠭᠡᠵᠢᠩ ᠣᠷᠤᠵᠤ ᠶᠠᠫᠣᠨ ᠢ ᠡᠰᠡᠷᠭᠦᠴᠡᠨ ᠤᠯᠤᠰ ᠢᠶᠠᠨ ᠠᠪᠤᠷᠠᠬᠤ ᠰᠤᠷᠤᠭᠴᠢᠳ ᠤᠨ ᠬᠥᠳᠡᠯᠭᠡᠭᠡᠨ ᠳᠦ ᠣᠷᠤᠯᠴᠠᠵᠤ᠂ ᠰᠤᠷᠤᠭᠴᠢᠳ ᠤᠨ ᠲᠥᠯᠦᠭᠡᠯᠡᠭᠴᠢ ᠪᠡᠷ ᠰᠣᠩᠭᠤᠭᠳᠠᠨ ᠨᠠᠨᠵᠢᠩ ᠳᠤ ᠣᠴᠢᠵᠤ ᠭᠤᠶᠤᠴᠢᠯᠠᠯ ᠬᠢᠵᠡᠢ᠃ 1833 ᠣᠨ ᠳᠤ ᠲᠢᠩ ᠮᠣᠣ᠂ ᠱᠠᠨᠳᠦ᠋ᠩ ᠦᠨ ᠶᠡᠬᠡ ᠰᠤᠷᠭᠠᠭᠤᠯᠢ ᠶᠢᠨ ᠹᠢᠽᠢᠺ ᠦᠨ ᠰᠠᠯᠪᠤᠷᠢ ᠳᠤ ᠰᠢᠯᠭᠠᠨ ᠣᠷᠤᠪᠠ᠃ 1935 ᠣᠨ ᠳᠤ 《12 • 9》 ᠤ ᠬᠥᠳᠡᠯᠭᠡᠭᠡᠨ ᠥᠷᠨᠢᠭᠰᠡᠨ ᠳᠦ ᠲᠡᠷᠡ ᠱᠠᠨᠳᠦ᠋ᠩ ᠶᠡᠬᠡ ᠰᠤᠷᠭᠠᠭᠤᠯᠢ ᠶᠢᠨ ᠶᠠᠫᠣᠨ ᠢ ᠡᠰᠡᠷᠭᠦᠴᠡᠨ ᠤᠯᠤᠰ ᠢᠶᠠᠨ ᠠᠪᠤᠷᠠᠬᠤ ᠬᠤᠷᠠᠯ ᠢ ᠪᠠᠢᠭᠤᠯᠬᠤ ᠠᠵᠢᠯ ᠳᠤ ᠣᠷᠤᠯᠴᠠᠭᠰᠠᠨ ᠪᠠ ᠤᠳᠤᠷᠢᠳᠬᠤ ᠠᠵᠢᠯ ᠢ ᠬᠢᠵᠦ᠂ ᠰᠤᠷᠤᠭᠴᠢᠳ ᠢ ᠵᠣᠬᠢᠶᠠᠨ ᠪᠠᠢᠭᠤᠯᠤᠨ ᠶᠠᠫᠣᠨ ᠢ ᠡᠰᠡᠷᠭᠦᠴᠡᠨ ᠤᠯᠤᠰ ᠢᠶᠠᠨ ᠠᠪᠤᠷᠠᠬᠤ ᠬᠥᠳᠡᠯᠭᠡᠭᠡᠨ ᠢ ᠥᠷᠨᠢᠭᠦᠯᠦᠭᠰᠡᠨ ᠶᠤᠮ᠃ ᠲᠡᠷᠡ ᠰᠤᠷᠤᠭᠴᠢᠳ ᠢ ᠳᠠᠭᠠᠭᠤᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ 《8 • 11 ᠲᠤᠩᠬᠠᠭ》 ᠢ ᠰᠤᠷᠲᠠᠯᠴᠢᠯᠠᠨ ᠤᠬᠠᠭᠤᠯᠤᠭᠠᠳ ᠬᠡᠳᠦᠨ ᠠᠷᠪᠠᠨ ᠰᠤᠷᠤᠭᠴᠢᠳ ᠤᠨ ᠬᠠᠮᠲᠤ ᠪᠠᠷᠢᠪᠴᠢᠯᠠᠭᠳᠠᠨ ᠬᠣᠷᠢᠭᠳᠠᠵᠠᠢ᠃ ᠡᠨᠡ ᠬᠦ ᠬᠤᠭᠤᠴᠠᠭᠠᠨ ᠳᠤ ᠲᠢᠩ ᠮᠣᠣ ᠶᠡᠬᠡ ᠵᠢᠷᠤᠮ ᠶᠣᠰᠤ ᠶ᠋ᠢ ᠪᠠᠷᠢᠮᠲᠠᠯᠠᠨ ᠰᠤᠷᠤᠭᠴᠢᠳ ᠤᠨ ᠲᠥᠯᠦᠭᠡᠯᠡᠭᠴᠢ ᠶ᠋ᠢᠨ ᠬᠤᠪᠢ ᠪᠠᠷ ᠴᠢᠩᠳᠣᠣ ᠬᠣᠲᠠ ᠶᠢᠨ ᠬᠣᠲᠠ ᠶᠢᠨ ᠳᠠᠷᠤᠭ᠎ᠠ ᠱᠧᠨ ᠬᠣᠩ ᠯᠢᠶᠸ  ᠯᠦᠭᠡ ᠶᠣᠰᠤ ᠤᠴᠢᠷ ᠢ ᠪᠤᠯᠢᠶᠠᠯᠳᠤᠨ᠂ ᠶᠠᠫᠣᠨ ᠢ ᠡᠰᠡᠷᠭᠦᠴᠡᠬᠦ ᠨᠢ ᠶᠠᠯ᠎ᠠ ᠦᠭᠡᠢ ᠭᠡᠳᠡᠭ ᠢᠶᠡᠨ ᠲᠣᠳᠤᠷᠬᠠᠢᠯᠠᠵᠤ ᠬᠣᠷᠢᠭᠳᠠᠭᠰᠠᠨ ᠰᠤᠷᠤᠭᠴᠢᠳ ᠢᠶᠠᠨ ᠰᠤᠯᠠᠯᠠᠬᠤ ᠬᠢᠵᠢᠶᠡᠯ ᠢ ᠨᠢ ᠰᠡᠷᠭᠦᠭᠡᠬᠦ ᠲᠡᠮᠡᠴᠡᠯ ᠦᠨ ᠢᠯᠠᠯᠲᠠ ᠶᠢ ᠲᠡᠮᠡᠴᠡᠨ ᠣᠯᠵᠠᠢ᠃ ᠡᠭᠦᠨ ᠳᠦ ᠱᠠᠨᠳᠦ᠋ᠩ ᠶᠡᠬᠡ ᠰᠤᠷᠭᠠᠭᠤᠯᠢ ᠶᠢᠨ ᠬᠢᠨ ᠲᠡᠭᠦᠨ ᠢ ᠴᠢᠩᠳᠣᠣ ᠬᠣᠲᠠ ᠶᠢᠨ ᠰᠤᠷᠤᠭᠴᠢᠳ ᠤᠨ ᠶᠠᠫᠣᠨ ᠢ ᠡᠰᠡᠷᠭᠦᠴᠡᠨ ᠤᠯᠤᠰ ᠢᠶᠠᠨ ᠠᠪᠤᠷᠠᠬᠤ ᠬᠤᠷᠠᠯ ᠤᠨ ᠲᠥᠯᠦᠭᠡᠯᠡᠭᠴᠢ ᠪᠡᠷ ᠰᠣᠩᠭᠤᠵᠤ ᠱᠠᠩᠬᠠᠢ ᠳᠤ ᠣᠴᠢᠭᠤᠯᠤᠨ᠂ ᠪᠦᠬᠦ ᠤᠯᠤᠰ ᠤᠨ ᠰᠤᠷᠤᠭᠴᠢᠳ ᠤᠨ ᠶᠠᠫᠣᠨ ᠢ ᠡᠰᠡᠷᠭᠦᠴᠡᠨ ᠤᠯᠤᠰ ᠢᠶᠠᠨ ᠠᠪᠤᠷᠠᠬᠤ ᠬᠤᠷᠠᠯ ᠠᠴᠠ ᠵᠣᠬᠢᠶᠠᠨ ᠪᠠᠢᠭᠤᠯᠤᠭᠰᠠᠨ 《5 • 30》 ᠢ ᠳᠤᠷᠠᠰᠭᠠᠨ ᠲᠡᠮᠳᠡᠭᠯᠡᠬᠦ ᠶᠠᠫᠣᠨ ᠢ ᠡᠰᠡᠷᠭᠦᠴᠡᠬᠦ ᠰᠦᠷᠲᠦ ᠵᠢᠭᠰᠠᠭᠠᠯ ᠳᠤ ᠣᠷᠤᠯᠴᠠᠭᠤᠯᠤᠭᠰᠠᠨ ᠠ᠋ᠴᠠ ᠳᠤᠮᠳᠠᠳᠤ ᠤᠯᠤᠰ ᠤᠨ ᠡᠪ ᠬᠠᠮᠲᠤ ᠨᠠᠮ ᠯᠠ ᠰᠠᠶᠢ ᠳᠤᠮᠳᠠᠳᠤ ᠤᠯᠤᠰ ᠢ ᠠᠪᠤᠷᠠᠵᠤ ᠴᠢᠳᠠᠨ᠎ᠠ ᠭᠡᠰᠡᠨ ᠶᠣᠰᠤ ᠤᠴᠢᠷ ᠢ ᠲᠠᠢᠨ ᠤᠯᠠᠮ ᠪᠠᠲᠤ ᠴᠢᠩᠭ᠎ᠠ ᠲᠠᠨᠢᠵᠤ ᠣᠯᠵᠠᠢ᠃ 1937 ᠣᠨ ᠤ 《7 • 7》 ᠤ ᠬᠡᠷᠡᠭ ᠬᠤᠪᠢᠰᠤᠯ ᠤᠨ ᠳᠠᠷᠠᠭ᠎ᠠ ᠲᠢᠩ ᠮᠣᠣ ᠨᠠᠢ᠍ᠮᠠᠳᠤᠭᠠᠷ ᠵᠠᠮ ᠤᠨ ᠴᠡᠷᠢᠭ ᠲᠦ ᠣᠷᠤᠵᠤ ᠶᠠᠫᠣᠨ ᠢ ᠡᠰᠡᠷᠭᠦᠴᠡᠬᠦ ᠡᠮᠦᠨ᠎ᠡ ᠹᠷᠣᠨᠲ᠋ ᠲᠤ᠌ ᠣᠴᠢᠵᠤ᠂ ᠤᠷᠢᠳ ᠬᠣᠵᠢᠳ ᠨᠠᠢ᠍ᠮᠠᠳᠤᠭᠠᠷ ᠵᠠᠮ ᠤᠨ ᠴᠡᠷᠢᠭ ᠦᠨ 115 ᠳ᠋ᠤᠭᠠᠷ ᠳ᠋ᠢᠸᠢᠽᠢ ᠶᠢᠨ 344 ᠪᠠᠷᠢᠭᠠᠳᠠ ᠶᠢᠨ ᠤᠯᠤᠰ ᠲᠥᠷᠦ ᠶᠢᠨ ᠬᠡᠯᠲᠡᠰ ᠦᠨ ᠠᠷᠠᠳ ᠤᠨ ᠵᠥᠭᠡᠭᠡᠪᠦᠷᠢ ᠶ᠋ᠢᠨ ᠠᠵᠢᠯᠲᠠᠨ ᠪᠠ ᠲᠤᠰ ᠪᠠᠷᠢᠭᠠᠳᠠ ᠶᠢᠨ ᠮᠠᠰᠢᠨ ᠵᠠᠰᠠᠬᠤ ᠭᠠᠵᠠᠷ ᠤᠨ ᠤᠯᠤᠰ ᠲᠥᠷᠦ ᠶᠢᠨ ᠵᠢᠭᠠᠨ ᠵᠢᠯᠤᠭᠤᠳᠤᠭᠴᠢ᠂ ᠴᠡᠷᠢᠭ ᠦᠨ ᠶᠠᠪᠤᠳᠠᠯ ᠤᠨ ᠦᠢᠯᠡᠳᠪᠦᠷᠢ ᠶᠢᠨ ᠰᠠᠯᠠᠭ᠎ᠠ ᠶᠢᠨ ᠰᠠᠯᠠᠭᠠᠨ ᠳᠠᠷᠤᠭ᠎ᠠ᠂ 688 ᠳ᠋ᠤᠭᠠᠷ ᠬᠣᠷᠢᠶᠠᠨ ᠤ᠋ ᠪᠠᠲ᠋ᠯᠢᠶᠣᠨ ᠤ ᠵᠢᠭᠠᠨ ᠵᠢᠯᠤᠭᠤᠳᠤᠭᠴᠢ ᠶ᠋ᠢᠨ ᠲᠤᠰᠢᠶᠠᠯ ᠤᠳ ᠢ ᠬᠠᠷᠢᠭᠤᠴᠠᠭᠰᠠᠨ ᠶᠤᠮ᠃ ᠰᠡᠭᠦᠯ ᠳᠦᠨᠢ 129  ᠳᠦᠭᠡᠷ ᠳ᠋ᠢᠸᠢᠽᠢ ᠶᠢᠨ 1  ᠳᠦᠭᠡᠷ ᠰᠢᠨ᠎ᠡ ᠪᠠᠷᠢᠭᠠᠳᠠ ᠳᠤ ᠠᠵᠢᠯ ᠰᠢᠯᠵᠢᠵᠦ ᠤᠯᠤᠰ ᠲᠥᠷᠦ ᠶᠢᠨ ᠬᠡᠯᠲᠡᠰ ᠦᠨ ᠰᠤᠷᠲᠠᠯ ᠤᠬᠠᠭᠤᠯᠭ᠎ᠠ ᠰᠣᠶᠤᠯ ᠤᠨ ᠰᠠᠯᠠᠭ᠎ᠠ ᠶᠢᠨ ᠰᠠᠯᠠᠭᠠᠨ ᠳᠠᠷᠤᠭ᠎ᠠ ᠪᠣᠯᠵᠠᠢ᠃ ᠶᠠᠫᠣᠨ ᠢ ᠡᠰᠡᠷᠭᠦᠴᠡᠬᠦ ᠲᠡᠢᠨ ᠦ ᠰᠢᠪᠲᠤᠷᠠᠭ᠎ᠠ ᠦᠶ᠎ᠡ ᠳᠦ ᠲᠡᠷᠡ ᠲᠡᠢ ᠬᠠᠩ ᠴᠡᠷᠢᠭ ᠦᠨ ᠲᠣᠭᠤᠷᠢᠭ ᠤᠨ 1  ᠳᠦᠭᠡᠷ ᠴᠡᠷᠢᠭ ᠦᠨ ᠬᠤᠪᠢᠶᠠᠷᠢ ᠲᠣᠭᠤᠷᠢᠭ ᠤᠨ 32 ᠳ᠋ᠤᠭᠠᠷ ᠬᠣᠷᠢᠶ᠎ᠠ ᠳᠤ ᠠᠵᠢᠯ ᠰᠢᠯᠵᠢᠵᠦ ᠬᠣᠷᠢᠶᠠᠨ ᠤ ᠤᠯᠤᠰ ᠲᠥᠷᠦ ᠶᠢᠨ ᠭᠡᠰᠢᠭᠦᠨ ᠪᠣᠯᠵᠤ ᠱᠠᠨ ᠰᠢ ᠶᠢᠨ ᠡᠮᠦᠨᠡᠲᠦ ᠬᠡᠰᠡᠭ ᠦᠨ ᠫᠠᠷᠲ᠋ᠢᠽᠠᠨ ᠠᠩᠭᠢ ᠶᠢᠨ ᠲᠤᠯᠤᠯᠳᠤᠭᠠᠨ ᠳᠤ ᠣᠷᠤᠯᠴᠠᠵᠤ ᠲᠠᠢ ᠬᠠᠩ ᠣᠷᠤᠨ ᠤ᠋ ᠱᠦᠭᠦᠷᠳᠡᠯᠲᠡ ᠶᠢ ᠡᠰᠡᠷᠭᠦᠴᠡᠬᠦ ᠲᠤᠯᠤᠯᠳᠤᠭᠠᠨ᠂ ᠯᠢᠩ ᠴᠤᠸᠠᠨ ᠢ ᠪᠦᠰᠡᠯᠡᠭᠰᠡᠨ ᠪᠠ ᠲᠠᠢ ᠶᠣᠣ ᠣᠷᠤᠨ ᠤ᠋ ᠪᠤᠷᠤᠩᠬᠤᠢᠴᠤᠳ ᠢ ᠡᠰᠡᠷᠭᠦᠴᠡᠬᠦ ᠳᠠᠢᠯᠠᠯᠳᠤᠭᠠᠨ ᠳᠤ ᠣᠷᠤᠯᠴᠠᠵᠠᠢ᠃ ᠴᠢᠯᠥᠭᠡᠯᠡᠬᠦ ᠲᠡᠢᠨ ᠦ ᠦᠶ᠎ᠡ ᠳᠦ ᠵᠡᠭᠦᠨ ᠬᠣᠢᠲᠤ ᠣᠷᠤᠨ ᠤ᠋ ᠠᠷᠠᠳᠴᠢᠯᠠᠭᠰᠠᠨ ᠬᠣᠯᠪᠤᠭᠠᠲᠤ ᠴᠡᠷᠢᠭ ᠦ᠋ᠨ ᠰᠢᠭᠤᠳ ᠬᠠᠷᠢᠶ᠎ᠠ ᠠᠩᠭᠢ ᠶᠢᠨ ᠤᠯᠤᠰ ᠲᠥᠷᠦ ᠶᠢᠨ ᠭᠠᠵᠠᠷ ᠤᠨ ᠵᠣᠬᠢᠶᠠᠨ ᠪᠠᠢᠭᠤᠯᠬᠤ ᠰᠠᠯᠠᠭ᠎ᠠ ᠶᠢᠨ ᠰᠠᠯᠠᠭᠠᠨ ᠳᠠᠷᠤᠭ᠎ᠠ᠂ ᠾᠧ ᠵᠢᠶᠠᠩ ᠴᠡᠷᠢᠭ ᠦᠨ ᠲᠣᠭᠤᠷᠢᠭ ᠤᠨ ᠲᠤᠰᠠᠭᠠᠷ 7 ᠳ᠋ᠤᠭᠠᠷ ᠬᠣᠷᠢᠶᠠᠨ ᠤ ᠤᠯᠤᠰ ᠲᠥᠷᠦ ᠶᠢᠨ ᠭᠡᠰᠢᠭᠦᠨ᠂ ᠵᠡᠭᠦᠨ ᠬᠣᠢᠲᠤ ᠣᠷᠤᠨ ᠤ᠋ ᠠᠷᠠᠳᠴᠢᠯᠠᠭᠰᠠᠨ ᠬᠣᠯᠪᠤᠭᠠᠲᠤ ᠴᠡᠷᠢᠭ ᠦᠨ ᠶᠡᠷᠦᠩᠬᠡᠢ ᠠᠷᠤ ᠲᠠᠯ᠎ᠠ ᠶᠢᠨ ᠬᠡᠯᠲᠡᠰ ᠦᠨ ᠵᠣᠬᠢᠶᠠᠨ ᠪᠠᠢᠭᠤᠯᠬᠤ ᠬᠡᠯᠲᠡᠰ ᠦᠨ ᠳᠡᠳ᠋ ᠳᠠᠷᠤᠭ᠎ᠠ᠂ ᠥᠪᠦᠷ ᠮᠣᠩᠭᠤᠯ ᠤ᠋ᠨ ᠴᠡᠷᠢᠭ ᠦᠨ ᠲᠣᠭᠤᠷᠢᠭ ᠤᠨ ᠤᠯᠤᠰ ᠲᠥᠷᠦ ᠶᠢᠨ ᠬᠡᠯᠲᠡᠰ ᠦᠨ ᠵᠣᠬᠢᠶᠠᠨ ᠪᠠᠢᠭᠤᠯᠬᠤ ᠬᠡᠯᠲᠡᠰ ᠦᠨ ᠳᠠᠷᠤᠭ᠎ᠠ᠂ ᠤᠯᠤᠰ ᠲᠥᠷᠦ ᠶᠢᠨ ᠬᠡᠯᠲᠡᠰ ᠦᠨ ᠳᠡᠳ᠋ ᠡᠷᠬᠢᠯᠡᠭᠴᠢ ᠶᠢᠨ ᠲᠤᠰᠢᠶᠠᠯ ᠤᠳ ᠢ ᠬᠠᠷᠢᠭᠤᠴᠠᠨ ᠥᠩᠭᠡᠷᠡᠵᠡᠢ᠃ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ ᠤ ᠳᠠᠷᠠᠭ᠎ᠠ᠂ ᠲᠢᠩ ᠮᠣᠣ ᠥᠪᠦᠷ ᠮᠣᠩᠭᠤᠯ ᠤ᠋ᠨ ᠴᠡᠷᠢᠭ ᠦ᠋ᠨ ᠲᠣᠭᠤᠷᠢᠭ ᠤᠨ ᠤᠯᠤᠰ ᠲᠥᠷᠦ ᠶᠢᠨ ᠬᠡᠯᠲᠡᠰ ᠦᠨ ᠡᠷᠬᠢᠯᠡᠭᠴᠢ᠂ ᠥᠪᠦᠷ ᠮᠣᠩᠭᠤᠯ ᠤ᠋ᠨ ᠴᠡᠷᠢᠭ ᠦᠨ ᠲᠣᠭᠤᠷᠢᠭ ᠤᠨ ᠳᠡᠳ᠋ ᠤᠯᠤᠰ ᠲᠥᠷᠦ ᠶᠢᠨ ᠭᠡᠰᠢᠭᠦᠨ᠂ ᠤᠯᠤᠰ ᠲᠥᠷᠦ ᠶᠢᠨ ᠭᠡᠰᠢᠭᠦᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠦᠷ ᠮᠣᠩᠭᠤᠯ ᠤ᠋ᠨ ᠬᠣᠷᠢᠶᠠᠨ ᠤ᠋ ᠱᠦᠵᠢ ᠶᠢᠨ ᠲᠤᠰᠢᠶᠠᠯ ᠢ ᠬᠠᠷᠢᠭᠤᠴᠠᠵᠠᠢ᠃ 1955 ᠣᠨ ᠳᠤ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠦᠨ ᠬᠣᠰᠢᠭᠤᠴᠢ ᠭᠧᠨᠧᠷᠡᠯ ᠦ᠋ᠨ ᠴᠣᠯᠠ ᠣᠯᠵᠠᠢ᠃ ᠥᠪᠦᠷ ᠮᠣᠩᠭᠤᠯ ᠤ᠋ᠨ ᠴᠡᠷᠢᠭ ᠦᠨ ᠲᠣᠭᠤᠷᠢᠭ ᠤᠨ ᠴᠡᠷᠢᠭ ᠠᠩᠭᠢ ᠶᠢᠨ ᠪᠦᠲᠦᠭᠡᠨ ᠪᠠᠢᠭᠤᠯᠤᠯᠲᠠ᠂ ᠬᠢᠯᠢ ᠬᠢᠵᠠᠭᠠᠷ ᠤᠨ ᠪᠦᠲᠦᠭᠡᠨ ᠪᠠᠢᠭᠤᠯᠤᠯᠲᠠ᠂ ᠡᠷᠦᠬᠡ ᠶᠢᠨ ᠴᠡᠷᠢᠭ ᠦᠨ ᠪᠦᠲᠦᠭᠡᠨ ᠪᠠᠢᠭᠤᠯᠤᠯᠲᠠ ᠶᠢᠨ ᠲᠥᠯᠦᠭᠡ ᠲᠡᠷᠡ ᠬᠥᠯᠦᠰᠦ ᠴᠢᠰᠤ ᠪᠠᠨ ᠤᠷᠤᠰᠭᠠᠵᠤ ᠨᠡᠮᠡᠷᠢ ᠬᠠᠨᠳᠢᠪ ᠨᠡᠮᠡᠷᠢᠯᠡᠭᠰᠡᠨ ᠶᠤᠮ᠃ 《ᠰᠣᠶᠤᠯ ᠤᠨ ᠶᠡᠬᠡ ᠬᠤᠪᠢᠰᠭᠠᠯ》 ᠤᠨ ᠳᠤᠮᠳᠠ ᠰᠦᠷᠡᠬᠡᠢ ᠬᠣᠣᠷ ᠠᠮᠰᠠᠵᠠᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ 1  ᠳᠦᠭᠡᠷ ᠬᠤᠭᠤᠴᠠᠭᠠᠨ ᠤ 3 ᠳ᠋ᠤᠭᠠᠷ ᠪᠦᠭᠦᠳᠡ ᠬᠤᠷᠠᠯᠳᠤᠭᠠᠨ ᠤ ᠳᠠᠷᠠᠭ᠎ᠠ ᠲᠡᠷᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠦᠷ ᠮᠣᠩᠭᠤᠯ ᠤ᠋ᠨ ᠬᠣᠷᠢᠶᠠᠨ ᠤ 2 ᠳ᠋ᠤᠭᠠᠷ ᠱᠦᠵᠢ᠂ ᠥᠪᠦᠷ ᠮᠣᠩᠭᠤᠯ ᠤ᠋ᠨ ᠠᠷᠠᠳ ᠤᠨ ᠲᠥᠯᠦᠭᠡᠯᠡᠭᠴᠢᠳ ᠦ᠋ᠨ ᠶᠡᠬᠡ ᠬᠤᠷᠠᠯ ᠤᠨ ᠪᠠᠢᠩᠭᠤ ᠶᠢᠨ ᠬᠣᠷᠢᠶᠠᠨ ᠤ᠋ ᠡᠷᠬᠢᠯᠡᠭᠴᠢ ᠪᠣᠯᠪᠠ᠃ ᠪᠠᠰᠠ ᠳᠤᠮᠳᠠᠳᠤ ᠤᠯᠤᠰ ᠤᠨ ᠡᠪ ᠬᠠᠮᠲᠤ ᠨᠠᠮ ᠤᠨ 8 ᠳ᠋ᠤᠭᠠᠷ ᠤᠳᠠᠭᠠᠨ ᠤ ᠪᠦᠬᠦ ᠤᠯᠤᠰ ᠤᠨ ᠲᠥᠯᠦᠭᠡᠯᠡᠭᠴᠢᠳ ᠦ᠋ᠨ ᠶᠡᠬᠡ ᠬᠤᠷᠠᠯ ᠤᠨ ᠲᠥᠯᠦᠭᠡᠯᠡᠭᠴᠢ ᠪᠡᠷ ᠰᠣᠩᠭᠤᠭᠳᠠᠵᠤ ᠥᠩᠭᠡᠷᠡᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ 12᠂ 13 ᠳ᠋ᠤᠭᠠᠷ ᠤᠳᠠᠭᠠᠨ ᠤ ᠪᠦᠬᠦ ᠤᠯᠤᠰ ᠤᠨ ᠲᠥᠯᠦᠭᠡᠯᠡᠭᠴᠢᠳ ᠦ᠋ᠨ ᠶᠡᠬᠡ ᠬᠤᠷᠠᠯ ᠳᠡᠭᠡᠷ᠎ᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠣᠷᠢᠶᠠᠨ ᠤ᠋ ᠵᠥᠪᠯᠡᠭᠴᠢ ᠶ᠋ᠢᠨ ᠬᠣᠷᠢᠶᠠᠨ ᠤ᠋ ᠭᠡᠰᠢᠭᠦᠨ ᠢᠶᠡᠷ ᠰᠣᠩᠭᠤᠭᠳᠠᠪᠠ᠃ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ 2 ᠳ᠋ᠤᠭᠠᠷ ᠲᠠᠰ ᠤᠨ ᠴᠢᠯᠦᠭᠡᠯᠡᠯᠲᠡ ᠶ᠋ᠢᠨ ᠣᠳᠤᠨ ᠮᠧᠳᠠᠯ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠦ᠋ᠨ ᠢᠯᠠᠯᠲᠠ ᠶᠢᠨ ᠭᠠᠪᠢᠶᠠᠲᠤ ᠣᠳᠤᠨ ᠮᠧᠳᠠᠯ ᠠᠴᠠ ᠭᠠᠷᠳᠠᠭᠰᠠᠨ ᠪᠠᠢᠵᠠᠢ᠃ 2004 ᠣᠨ ᠤ 12 ᠰᠠᠷ᠎ᠠ ᠶᠢᠨ 8 ᠤ ᠡᠳᠦᠷ ᠬᠥᠬᠡᠬᠣᠲᠠᠨ᠎ᠠ ᠨᠠᠰᠤ ᠨᠥᠭᠴᠢᠪᠡ᠃ ᠲᠤᠬᠠᠶ ᠤ᠋ᠨ ᠵᠢᠯ ᠳᠦ 92 ᠨᠠᠰᠤᠲᠠᠢ ᠪᠢᠯᠡ᠃