ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠲᠤᠩᠭᠠᠯᠠᠭ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠲᠤᠩᠭᠠᠯᠠᠭ ︵1925——︶ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠦᠨ ᠥᠪᠦᠷ ᠮᠣᠩᠭᠤᠯ ᠤ᠋ᠨ ᠴᠡᠷᠢᠭ ᠦᠨ ᠲᠣᠭᠤᠷᠢᠭ ᠤᠨ ᠵᠢᠯᠤᠭᠤᠳᠤᠭᠴᠢ᠂ ᠪᠠᠰᠠ ᠰᠡᠷᠡᠩᠳᠣᠷᠵᠢ ᠬᠡᠮᠡᠬᠦ ᠨᠡᠷ᠎ᠡ ᠶᠢ ᠬᠡᠷᠡᠭᠯᠡᠵᠦ ᠥᠩᠭᠡᠷᠡᠵᠡᠢ᠃ ᠮᠣᠩᠭᠤᠯ ᠦᠨᠳᠦᠰᠦᠲᠡᠨ᠂ ᠯᠢᠶᠣᠣᠨᠢᠩ ᠮᠤᠵᠢ ᠶᠢᠨ ᠴᠣᠣᠶᠠᠩ ᠰᠢᠶᠠᠨ ᠳᠤ ᠨᠤᠲᠤᠭ ᠲᠠᠢ᠃ 1945 ᠣᠨ ᠤ 8 ᠰᠠᠷ᠎ᠠ ᠶᠢᠨ 11 ᠤ ᠡᠳᠦᠷ 《8• 11》 ᠦ ᠭᠡᠭᠡᠨ ᠰᠦᠮ᠎ᠡ ᠶᠢᠨ ᠵᠡᠪᠰᠡᠭᠲᠦ ᠪᠣᠰᠤᠯᠭ᠎ᠠ ᠳ᠋ᠤ᠌ ᠣᠷᠤᠯᠴᠠᠵᠤ᠂ 11 ᠰᠠᠷ᠎ᠠ ᠳᠤᠨᠢ ᠬᠠᠷᠠᠮᠥ᠋ᠷᠡᠨ ᠮᠤᠵᠢ ᠶᠢᠨ ᠴᠢᠴᠢᠬᠠᠷ ᠲᠠᠬᠢ 2 ᠳ᠋ᠤᠭᠠᠷ ᠪᠠᠷᠢᠭᠠᠳᠠ ᠶᠢᠨ ᠰᠤᠷᠤᠭᠴᠢ ᠴᠡᠷᠢᠭ ᠦᠨ ᠠᠩᠭᠢ ᠳᠤ ᠰᠤᠷᠤᠯᠴᠠᠵᠠᠢ᠃ 1947 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠢᠶᠡᠷ ᠡᠯᠰᠡᠭᠳᠡᠪᠡ᠃ ᠴᠡᠷᠢᠭ ᠠᠩᠭᠢ ᠳᠤ ᠪᠠᠢᠬᠤ ᠳᠠᠭᠠᠨ ᠴᠢᠴᠢᠬᠠᠷ ᠬᠣᠲᠠ ᠶᠢᠨ ᠰᠡᠷᠭᠡᠢᠯᠡᠨ ᠬᠠᠮᠠᠭᠠᠯᠠᠬᠤ ᠰᠧᠯᠢᠩᠪᠦ᠋ ᠶᠢᠨ ᠰᠡᠷᠭᠡᠢᠯᠡᠨ ᠬᠠᠮᠠᠭᠠᠯᠠᠬᠤ ᠠᠩᠭᠢ ᠶᠢᠨ ᠳᠡᠳ᠋ ᠠᠩᠭᠢ ᠶᠢᠨ ᠳᠠᠷᠤᠭ᠎ᠠ᠂ ᠨᠠ ᠾᠧ ᠰᠢᠶᠠᠨ ᠤ ᠰᠡᠷᠭᠡᠢᠯᠡᠨ ᠬᠠᠮᠠᠭᠠᠯᠠᠬᠤ ᠠᠩᠭᠢ ᠶᠢᠨ ᠳᠠᠷᠤᠭ᠎ᠠ᠂ ᠥᠪᠦᠷ ᠮᠣᠩᠭᠤᠯ ᠤ᠋ᠨ ᠮᠣᠷᠢᠲᠤ ᠴᠡᠷᠢᠭ ᠦᠨ 3 ᠳ᠋ᠤᠭᠠᠷ ᠳ᠋ᠢᠸᠢᠽᠢ ᠶᠢᠨ 34  ᠳᠦᠭᠡᠷ ᠬᠣᠷᠢᠶᠠᠨ ᠤ᠋ ᠰᠤᠮᠤᠨ ᠠᠩᠭᠢ ᠶᠢᠨ ᠳᠠᠷᠤᠭ᠎ᠠ᠂ ᠵᠢᠭᠠᠨ ᠵᠢᠯᠤᠭᠤᠳᠬᠤ ᠬᠣᠷᠢᠶᠠᠨ ᠤ᠋ ᠳᠡᠳ᠋ ᠬᠣᠷᠢᠶᠠᠨ ᠳᠠᠷᠤᠭ᠎ᠠ᠂ ᠲᠤᠰᠠᠭᠠᠷ 9  ᠳᠦᠭᠡᠷ ᠬᠣᠷᠢᠶᠠᠨ ᠤ᠋ ᠤᠯᠤᠰ ᠲᠥᠷᠦ ᠶᠢᠨ ᠭᠠᠵᠠᠷ ᠤᠨ ᠡᠷᠬᠢᠯᠡᠭᠴᠢ᠂ ᠥᠪᠦᠷ ᠮᠣᠩᠭᠤᠯ ᠤ᠋ᠨ ᠴᠡᠷᠢᠭ ᠦᠨ ᠲᠣᠭᠤᠷᠢᠭ ᠤᠨ ᠰᠡᠷᠭᠡᠢᠯᠡᠨ ᠬᠠᠮᠠᠭᠠᠯᠠᠬᠤ ᠬᠣᠷᠢᠶᠠᠨ ᠤ᠋ 3 ᠳ᠋ᠤᠭᠠᠷ ᠪᠠᠲ᠋ᠯᠢᠶᠣᠨ ᠤ ᠵᠢᠭᠠᠨ ᠵᠢᠯᠤᠭᠤᠳᠤᠭᠴᠢ᠂ ᠬᠢᠩᠭᠠᠨ ᠤ ᠴᠡᠷᠢᠭ ᠦᠨ ᠬᠤᠪᠢᠶᠠᠷᠢ ᠲᠣᠭᠤᠷᠢᠭ ᠤᠨ ᠤᠯᠤᠰ ᠲᠥᠷᠦ ᠶᠢᠨ ᠬᠡᠯᠲᠡᠰ ᠦᠨ ᠵᠠᠯᠠᠭᠤᠴᠤᠳ ᠤᠨ ᠰᠠᠯᠠᠭ᠎ᠠ ᠶᠢᠨ ᠰᠠᠯᠠᠭᠠᠨ ᠳᠠᠷᠤᠭ᠎ᠠ᠂ ᠥᠪᠦᠷ ᠮᠣᠩᠭᠤᠯ ᠤ᠋ᠨ ᠮᠣᠷᠢᠲᠤ ᠴᠡᠷᠢᠭ ᠦᠨ 5 ᠳ᠋ᠤᠭᠠᠷ ᠳ᠋ᠢᠸᠢᠽᠢ ᠶᠢᠨ 13 ᠳ᠋ᠤᠭᠠᠷ ᠬᠣᠷᠢᠶᠠᠨ ᠤ᠋ ᠤᠯᠤᠰ ᠲᠥᠷᠦ ᠶᠢᠨ ᠭᠠᠵᠠᠷ ᠤᠨ ᠳᠡᠳ᠋ ᠡᠷᠬᠢᠯᠡᠭᠴᠢ᠂ ᠡᠷᠬᠢᠯᠡᠭᠴᠢ᠂ ᠬᠣᠷᠢᠶᠠᠨ ᠤ᠋ ᠤᠯᠤᠰ ᠲᠥᠷᠦ ᠶᠢᠨ ᠭᠡᠰᠢᠭᠦᠨ ᠵᠡᠷᠭᠡ ᠲᠤᠰᠢᠶᠠᠯ ᠤᠳ ᠢ ᠬᠠᠷᠢᠭᠤᠴᠠᠵᠤ᠂ ᠰᠡᠭᠦᠯᠡᠷ ᠨᠢ ᠳᠤᠮᠳᠠᠳᠤ ᠤᠯᠤᠰ ᠤᠨ ᠴᠢᠯᠥᠭᠡᠯᠡᠬᠦ ᠴᠡᠷᠢᠭ ᠦᠨ ᠤᠯᠤᠰ ᠲᠥᠷᠦ ᠶᠢᠨ ᠳᠡᠭᠡᠳᠦ ᠰᠤᠷᠭᠠᠭᠤᠯᠢ ᠳᠤ ᠰᠤᠷᠤᠯᠴᠠᠪᠠ᠃ ᠰᠤᠷᠤᠯᠭ᠎ᠠ ᠪᠠᠨ ᠲᠡᠭᠦᠰᠭᠡᠭᠰᠡᠨ ᠦ᠌ ᠳᠠᠷᠠᠭ᠎ᠠ ᠥᠪᠦᠷ ᠮᠣᠩᠭᠤᠯ ᠤ᠋ᠨ ᠮᠣᠷᠢᠲᠤ ᠴᠡᠷᠢᠭ ᠦᠨ 15 ᠳ᠋ᠤᠭᠠᠷ ᠬᠣᠷᠢᠶᠠᠨ ᠤ᠋ ᠤᠯᠤᠰ ᠲᠥᠷᠦ ᠶᠢᠨ ᠭᠡᠰᠢᠭᠦᠨ᠂ ᠥᠪᠦᠷ ᠮᠣᠩᠭᠤᠯ ᠤ᠋ᠨ ᠴᠡᠷᠢᠭ ᠦᠨ ᠲᠣᠭᠤᠷᠢᠭ ᠤᠨ ᠰᠧᠯᠢᠩᠪᠦ᠋ ᠶᠢᠨ ᠰᠢᠭᠤᠳ ᠬᠠᠷᠢᠶ᠎ᠠ ᠤᠯᠤᠰ ᠲᠥᠷᠦ ᠶᠢᠨ ᠬᠡᠯᠲᠡᠰ ᠦᠨ ᠡᠷᠬᠢᠯᠡᠭᠴᠢ᠂ ᠤᠯᠠᠭᠠᠨᠴᠠᠪ ᠤᠨ ᠴᠡᠷᠢᠭ ᠦᠨ ᠬᠤᠪᠢᠶᠠᠷᠢ ᠲᠣᠭᠤᠷᠢᠭ ᠤᠨ ᠳᠡᠳ᠋ ᠤᠯᠤᠰ ᠲᠥᠷᠦ ᠶᠢᠨ ᠭᠡᠰᠢᠭᠦᠨ᠂ ᠤᠯᠤᠰ ᠲᠥᠷᠦ ᠶᠢᠨ ᠭᠡᠰᠢᠭᠦᠨ᠂ ᠥᠪᠦᠷ ᠮᠣᠩᠭᠤᠯ ᠤ᠋ᠨ ᠴᠡᠷᠢᠭ ᠦᠨ ᠲᠣᠭᠤᠷᠢᠭ ᠤᠨ ᠠᠷᠤ ᠲᠠᠯ᠎ᠠ ᠶᠢᠨ ᠠᠵᠢᠯ ᠤᠨ ᠬᠡᠯᠲᠡᠰ ᠦᠨ ᠤᠯᠤᠰ ᠲᠥᠷᠦ ᠶᠢᠨ ᠺᠣᠮᠢᠰᠰᠠᠷ ᠵᠡᠷᠭᠡ ᠲᠤᠰᠢᠶᠠᠯ ᠤᠳ ᠢ ᠬᠠᠷᠢᠭᠤᠴᠠᠵᠠᠢ᠃ 1983 ᠣᠨ ᠤ 10 ᠰᠠᠷ᠎ᠠ ᠳᠤ ᠳᠡᠳ᠋ ᠠᠷᠮᠢ ᠶᠢᠨ ᠳᠠᠷᠤᠭ᠎ᠠ ᠶᠢᠨ ᠲᠠᠰ ᠢᠶᠠᠷ ᠠᠵᠢᠯ ᠤᠨ ᠠᠮᠠᠷᠠᠯᠲᠠ ᠪᠠᠨ ᠠᠪᠴᠠᠢ᠃