ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠳ᠋ᠠᠮᠪᠠ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠳ᠋ᠠᠮᠪᠠ ︵ 1933——1983︶ ᠡᠷᠦᠬᠡ ᠶᠢᠨ ᠴᠡᠷᠢᠭ ᠦᠨ ᠵᠢᠱ᠌ᠢᠶᠡᠴᠢ ᠵᠢᠯᠤᠭᠤᠳᠤᠭᠴᠢ᠃ ᠥᠪᠦᠷ ᠮᠣᠩᠭᠤᠯ ᠤ᠋ᠨ ᠰᠢᠯᠢ ᠶᠢᠨ ᠭᠣᠣᠯ ᠠᠢᠮᠠᠭ ᠤᠨ ᠰᠥᠨᠢᠳ ᠵᠡᠭᠦᠨ ᠬᠣᠰᠢᠭᠤᠨ ᠤ ᠬᠥᠮᠦᠨ᠂ ᠮᠣᠩᠭᠤᠯ ᠦᠨᠳᠦᠰᠦᠲᠡᠨ᠃ 1960 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠢᠶᠡᠷ ᠡᠯᠰᠡᠭᠳᠡᠵᠡᠢ᠃ 1963 ᠣᠨ ᠳᠤ ᠶᠡᠬᠡ ᠪᠠᠷᠢᠭᠠᠳᠠ ᠵᠠᠨ ᠨᠠᠮ ᠤᠨ ᠡᠭᠦᠷ ᠦᠨ ᠱᠦᠵᠢ᠂ ᠡᠷᠦᠬᠡ ᠶᠢᠨ ᠴᠡᠷᠢᠭ ᠦᠨ ᠰᠤᠮᠤᠨ ᠠᠩᠭᠢ ᠶᠢᠨ ᠵᠢᠭᠠᠨ ᠵᠢᠯᠤᠭᠤᠳᠤᠭᠴᠢ ᠶᠢᠨ ᠲᠤᠰᠢᠶᠠᠯ ᠢ ᠬᠠᠷᠢᠭᠤᠴᠠᠭᠰᠠᠨ ᠪᠠᠢᠵᠠᠢ᠃ ᠲᠠᠢᠨ ᠡᠷᠦᠬᠡ ᠶᠢᠨ ᠴᠡᠷᠢᠭ ᠦᠨ ᠠᠵᠢᠯ ᠳᠤᠮᠳᠠ ᠬᠥᠳᠡᠯᠮᠦᠷᠢ ᠪᠠ ᠵᠡᠪᠰᠡᠭᠲᠦ ᠬᠦᠴᠦᠨ ᠢ ᠤᠶᠠᠯᠳᠤᠭᠤᠯᠬᠤ ᠵᠠᠷᠴᠢᠮ ᠢ ᠪᠠᠷᠢᠮᠲᠠᠯᠠᠨ ᠲᠤᠤᠱᠯᠠᠭᠤᠯᠵᠤ᠂ ᠡᠷᠦᠬᠡ ᠶᠢᠨ ᠴᠡᠷᠢᠭ ᠢᠶᠡᠨ ᠳᠠᠢᠴᠢᠯᠠᠨ ᠶᠡᠬᠡ ᠪᠠᠷᠢᠭᠠᠳᠠ  ᠳ᠋ᠠᠭᠠᠨ ᠪᠦᠬᠦ ᠬᠣᠰᠢᠭᠤᠨ ᠤ ᠨᠢᠭᠡᠳᠦᠭᠡᠷ ᠲᠠᠰ ᠤᠨ ᠮᠠᠯ ᠤᠨ ᠬᠠᠰᠢᠶ᠎ᠠ ᠰᠠᠷᠠᠪᠴᠢ ᠪᠠ ᠡᠪᠡᠰᠦᠨ ᠬᠦᠷᠢᠶ᠎ᠡ ᠶᠢ ᠪᠠᠢᠭᠤᠯᠵᠤ ᠰᠥᠨᠢᠳ ᠵᠡᠭᠦᠨ ᠬᠣᠰᠢᠭᠤᠨ ᠤ ᠵᠠᠰᠠᠭ ᠤᠨ ᠣᠷᠳᠤᠨ ᠤ᠋ ᠬᠥᠬᠢᠭᠦᠯᠦᠯ ᠱᠠᠩᠨᠠᠯ ᠢ ᠬᠦᠷᠲᠡᠭᠰᠡᠨ ᠶᠤᠮ᠃ ᠲᠡᠷᠡ ᠮᠠᠯᠴᠢᠳ ᠢᠶᠠᠨ ᠳᠠᠭᠠᠭᠤᠯᠵᠤ ᠦᠢᠯᠡᠳᠪᠦᠷᠢᠯᠡᠯ ᠢᠶᠡᠨ ᠬᠥᠭᠵᠢᠭᠦᠯᠦᠭᠰᠡᠨ ᠢᠶᠡᠷ ᠥᠯᠦ ᠪᠠᠷᠠᠨ ᠪᠠᠰᠠ ᠡᠯ᠎ᠡ ᠦᠨᠳᠦᠰᠦᠲᠡᠨ ᠦ ᠮᠠᠯᠴᠢᠳ ᠢᠶᠠᠨ ᠳᠠᠭᠠᠭᠤᠯᠵᠤ ᠦᠨᠳᠦᠰᠦᠲᠡᠨ ᠦ ᠪᠦᠯᠬᠦᠮᠳᠡᠯ ᠦᠨ ᠠᠵᠢᠯ ᠢ ᠰᠠᠢᠲᠤᠷ ᠬᠢᠭᠰᠡᠨ ᠪᠢᠯᠡ᠃ ᠲᠡᠭᠦᠨ ᠦ ᠳᠠᠭᠠᠭᠤᠯᠭ᠎ᠠ ᠪᠠᠷ ᠶᠡᠬᠡ ᠪᠠᠷᠢᠭᠠᠳᠠ ᠶᠢᠨ ᠡᠷᠦᠬᠡ ᠶᠢᠨ ᠴᠡᠷᠢᠭ ᠦᠨ ᠰᠤᠮᠤᠨ ᠠᠩᠭᠢ ᠨᠢ ᠬᠣᠰᠢᠭᠤ ᠰᠤᠮᠤ ᠶᠢᠨ ᠡᠷᠦᠬᠡ ᠶᠢᠨ ᠴᠡᠷᠢᠭ ᠦᠨ ᠠᠵᠢᠯ ᠢ 《ᠭᠤᠷᠪᠠ ᠶᠢ ᠨᠠᠢᠳᠠᠪᠤᠷᠢᠵᠢᠭᠤᠯᠤᠭᠰᠠᠨ》 ᠲᠡᠷᠢᠭᠦᠨ ᠦ ᠨᠢᠭᠡᠴᠡ ᠪᠡᠷ 3 ᠤᠳᠠᠭ᠎ᠠ ᠰᠣᠩᠭᠤᠭᠳᠠᠪᠠ᠃ 1983 ᠣᠨ ᠤ 7 ᠰᠠᠷ᠎ᠠ ᠳᠤ᠂ ᠨᠢᠭᠡᠨ ᠣᠷᠭᠤᠳᠤᠤᠯ ᠣᠢᠷ᠎ᠠ ᠬᠠᠪᠢ ᠳᠤᠨᠢ ᠮᠣᠷᠢ ᠪᠠᠨ ᠤᠰᠤᠯᠠᠵᠤ ᠪᠠᠢᠭ᠎ᠠ ᠰᠤᠷᠠᠭ ᠢ ᠰᠣᠨᠤᠰᠤᠮᠠᠭᠴᠠ ᠲᠡᠷᠡ ᠳᠣᠣᠷ᠎ᠠ ᠪᠠᠨ ᠣᠢᠷ᠎ᠠ ᠬᠠᠪᠢ ᠶᠢᠨ ᠡᠷᠦᠬᠡ ᠶᠢᠨ ᠴᠡᠷᠢᠭ ᠲᠡᠭᠡᠨ ᠮᠡᠳᠡᠭᠡ ᠬᠦᠷᠭᠡᠵᠦ ᠫᠤᠤ ᠪᠠᠨ ᠡᠭᠦᠷᠴᠦ᠂ ᠬᠦᠯᠦᠭ ᠲᠡᠭᠡᠨ ᠮᠣᠷᠳᠠᠭᠠᠳ ᠣᠷᠭᠤᠳᠤᠤᠯ ᠢ ᠨᠡᠬᠡᠮᠵᠢᠯᠡᠪᠡ᠃ ᠲᠡᠭᠦᠨ ᠢ ᠬᠥᠭᠡᠭᠡᠵᠦ ᠣᠴᠢᠬᠤ ᠳᠤ ᠣᠷᠭᠤᠳᠤᠤᠯ ᠶᠠᠯᠠᠲᠠᠨ ᠲᠡᠭᠦᠨ ᠦ ᠵᠡᠭᠦᠨ ᠮᠥᠷᠦ ᠶ᠋ᠢ ᠫᠤᠤᠳᠠᠨ ᠰᠢᠷᠬᠠᠲᠤᠭᠤᠯᠤᠭᠰᠠᠨ ᠪᠣᠯᠪᠠᠴᠤ ᠲᠡᠷᠡ ᠰᠢᠷᠬᠠᠨ ᠤ ᠡᠪᠡᠷᠰᠢᠶᠡᠯ ᠢᠶᠡᠨ ᠬᠠᠢᠬᠤᠷᠤᠯ ᠦᠭᠡᠢ᠂ ᠠᠶᠤᠯ ᠲᠦᠭᠰᠢᠭᠦᠷᠢ ᠶᠢ ᠥᠯᠦ ᠬᠠᠢᠬᠤᠷᠤᠨ ᠣᠷᠭᠤᠳᠤᠤᠯ ᠳᠠᠢᠰᠤᠨ ᠯᠤᠭ᠎ᠠ ᠲᠡᠮᠡᠴᠡᠭᠰᠡᠨ ᠳᠦ ᠣᠷᠭᠤᠳᠤᠤᠯ ᠶᠠᠯᠠᠲᠠᠨ ᠠᠬᠢᠭᠠᠳ ᠪᠠᠰᠠ ᠨᠢᠭᠡ ᠬᠠᠷᠪᠤᠭᠰᠠᠨ ᠳᠤ ᠲᠡᠷᠡ ᠪᠠᠭᠠᠲᠤᠷᠯᠢᠭ ᠢᠶᠠᠷ ᠠᠮᠢ ᠦᠷᠡᠭᠳᠡᠵᠡᠢ᠃ ᠡᠨᠡ ᠦᠶ᠎ᠡ ᠳᠦ ᠡᠷᠦᠬᠡ ᠶᠢᠨ ᠴᠡᠷᠢᠭ ᠣᠷᠤᠨ ᠠᠮᠵᠢᠨ ᠢᠷᠠᠵᠤ ᠣᠷᠭᠤᠳᠤᠤᠯ ᠶᠠᠯᠠᠲᠠᠨ ᠢ ᠫᠤᠤᠳᠠᠵᠤ ᠠᠯᠠᠪᠠ᠃ 1984 ᠣᠨ ᠤ 4 ᠰᠠᠷ᠎ᠠ ᠶᠢᠨ 27 ᠤ ᠡᠳᠦᠷ᠂ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠠᠷᠠᠳ ᠤᠨ ᠵᠠᠰᠠᠭ ᠤᠨ ᠣᠷᠳᠤᠨ᠂ ᠥᠪᠦᠷ ᠮᠣᠩᠭᠤᠯ ᠤ᠋ᠨ ᠴᠡᠷᠢᠭ ᠦᠨ ᠲᠣᠭᠤᠷᠢᠭ ᠠᠴᠠ ᠲᠡᠭᠦᠨ ᠳᠦ ︽ᠡᠷᠦᠬᠡ ᠶᠢᠨ ᠴᠡᠷᠢᠭ ᠦᠨ ᠵᠢᠱ᠌ᠢᠶᠡᠴᠢ ᠵᠢᠯᠤᠭᠤᠳᠤᠭᠴᠢ︾ᠬᠡᠮᠡᠬᠦ ᠠᠯᠳᠠᠷᠲᠤ ᠴᠣᠯᠠ ᠣᠯᠭᠤᠵᠤ ᠬᠤᠪᠢᠰᠭᠠᠯ ᠤᠨ ᠦᠷᠡᠭᠳᠡᠭᠰᠡᠨ ᠪᠠᠭᠠᠲᠤᠷ ᠢᠶᠠᠷ ᠨᠡᠬᠡᠮᠵᠢᠯᠡᠨ ᠡᠷᠭᠦᠮᠵᠢᠯᠡᠭᠰᠡᠨ ᠶᠤᠮ᠃