ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠵᠠᠪᠠ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠵᠠᠪᠠ ︵ 1924—— ︶ ᠳᠣᠲᠤᠭᠠᠳᠤ ᠶ᠋ᠢ ᠬᠠᠮᠠᠭᠠᠯᠠᠬᠤ ᠴᠡᠷᠢᠭ ᠠᠩᠭᠢ ᠶᠢᠨ ᠨᠢᠭᠡᠳᠦᠭᠡᠷ ᠲᠠᠰ ᠤᠨ ᠭᠠᠪᠢᠶᠠᠲᠠᠨ᠃ ᠥᠪᠦᠷ ᠮᠣᠩᠭᠤᠯ ᠤ᠋ᠨ ᠵᠢᠷᠢᠮ ᠠᠢᠮᠠᠭ ᠤᠨ ᠬᠣᠷᠴᠢᠨ ᠵᠡᠭᠦᠨ ᠭᠠᠷᠤᠨ ᠬᠣᠢᠲᠤ ᠬᠣᠰᠢᠭᠤᠨ ᠳᠤ ᠨᠤᠲᠤᠭ ᠲᠠᠢ᠂ ᠮᠣᠩᠭᠤᠯ ᠦᠨᠳᠦᠰᠦᠲᠡᠨ᠃ 1946 ᠣᠨ ᠤ 7 ᠰᠠᠷ᠎ᠠ ᠳᠤ ᠴᠡᠷᠢᠭ ᠲᠦ ᠣᠷᠤᠵᠤ᠂ 1948 ᠣᠨ ᠤ 12 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠢᠶᠡᠷ ᠡᠯᠰᠡᠭᠳᠡᠪᠡ᠃ ᠥᠪᠦᠷ ᠮᠣᠩᠭᠤᠯ ᠤ᠋ᠨ ᠵᠡᠭᠦᠨ ᠣᠷᠤᠨ ᠤ᠋ ᠳᠣᠲᠤᠭᠠᠳᠤ ᠶ᠋ᠢ ᠬᠠᠮᠠᠭᠠᠯᠠᠬᠤ ᠶᠡᠬᠡ ᠠᠩᠭᠢ ᠶᠢᠨ ᠬᠦᠷᠢᠶ᠎ᠡ ᠬᠣᠰᠢᠭᠤᠨ ᠤ ᠳᠣᠲᠤᠭᠠᠳᠤ ᠶ᠋ᠢ ᠬᠠᠮᠠᠭᠠᠯᠠᠬᠤ ᠶᠡᠬᠡ ᠠᠩᠭᠢ ᠶᠢᠨ ᠳᠡᠳ᠋ ᠤᠯᠤᠰ ᠲᠥᠷᠦ ᠶᠢᠨ ᠵᠢᠭᠠᠨ ᠵᠢᠯᠤᠭᠤᠳᠤᠭᠴᠢ ᠶ᠋ᠢᠨ ᠲᠤᠰᠢᠶᠠᠯ ᠢ ᠬᠠᠷᠢᠭᠤᠴᠠᠵᠤ ᠪᠠᠢᠵᠠᠢ᠃ 1952 ᠣᠨ ᠤ 7 ᠰᠠᠷ᠎ᠠ ᠠᠴᠠ ᠡᠬᠢᠯᠡᠨ ᠶᠠᠪᠤᠭᠳᠠᠭᠰᠠᠨ ᠰᠣᠶᠤᠯ ᠰᠤᠷᠭᠠᠨ ᠬᠥᠮᠦᠵᠢᠯ ᠦ᠋ᠨ ᠬᠥᠳᠡᠯᠭᠡᠭᠡᠨ ᠳᠤᠮᠳᠠ᠂ ᠲᠠᠢᠨ ᠪᠦᠬᠦ ᠠᠩᠭᠢ ᠪᠠᠨ ᠤᠳᠤᠷᠢᠳᠤᠨ ᠮᠡᠳᠡᠭᠳᠡᠬᠦᠢᠴᠡ ᠠᠮᠵᠢᠯᠲᠠ ᠣᠯᠵᠤ᠂ ᠪᠦᠬᠦ ᠠᠩᠭᠢ ᠳᠤᠨᠢ ᠰᠣᠶᠤᠯ ᠮᠡᠳᠡᠯᠭᠡ ᠰᠤᠷᠤᠯᠴᠠᠭᠰᠠᠨ 20 ᠭᠠᠪᠢᠶᠠᠲᠠᠨ ᠢᠯᠡᠷᠡᠨ ᠭᠠᠷᠴᠤ᠂ ᠲᠡᠭᠦᠨ ᠦ ᠬᠤᠪᠢ ᠪᠡᠶ᠎ᠡ ᠨᠢ ᠴᠦ ᠪᠦᠬᠦ ᠤᠯᠤᠰ ᠤᠨ ᠳᠣᠲᠤᠭᠠᠳᠤ ᠶ᠋ᠢ ᠬᠠᠮᠠᠭᠠᠯᠠᠬᠤ ᠴᠡᠷᠢᠭ ᠠᠩᠭᠢ ᠶᠢᠨ ᠪᠠᠭᠠᠲᠤᠷ ᠵᠢᠱ᠌ᠢᠶᠡᠴᠢᠳ ᠦ᠋ᠨ ᠲᠥᠯᠦᠭᠡᠯᠡᠭᠴᠢᠳ ᠦ᠋ᠨ ᠬᠤᠷᠠᠯ ᠳᠤ ᠣᠷᠤᠯᠴᠠᠭᠰᠠᠨ ᠶᠤᠮ᠃ 1953 ᠣᠨ ᠤ 5 ᠰᠠᠷ᠎ᠠ ᠶᠢᠨ 16 ᠤ ᠡᠳᠦᠷ ᠮᠣᠩᠭᠤᠯ ᠰᠦᠢᠶᠤᠸᠠᠨ ᠤ᠋ ᠳᠣᠲᠤᠭᠠᠳᠤ ᠶ᠋ᠢ ᠬᠠᠮᠠᠭᠠᠯᠠᠬᠤ ᠴᠡᠷᠢᠭ ᠠᠩᠭᠢ ᠶᠢᠨ ᠨᠠᠮ ᠤᠨ ᠬᠣᠷᠢᠶ᠎ᠠ ᠠᠴᠠ ᠲᠥᠪ ᠦ᠋ᠨ ᠴᠡᠷᠢᠭ ᠦᠨ ᠶᠠᠪᠤᠳᠠᠯ ᠤᠨ ᠬᠣᠷᠢᠶᠠᠨ ᠤ᠋ ᠳᠣᠲᠤᠭᠠᠳᠤ ᠶ᠋ᠢ ᠬᠠᠮᠠᠭᠠᠯᠠᠬᠤ ᠴᠡᠷᠢᠭ ᠠᠩᠭᠢ ᠶᠢᠨ ᠨᠠᠮ ᠤᠨ ᠬᠣᠷᠢᠶ᠎ᠠ ᠪᠠᠷ ᠵᠥᠪᠰᠢᠶᠡᠷᠡᠭᠦᠯᠵᠦ ᠵᠠᠪᠠ ᠳᠤ ᠨᠢᠭᠡᠳᠦᠭᠡᠷ ᠲᠠᠰ ᠤᠨ ᠭᠠᠪᠢᠶ᠎ᠠ ᠲᠡᠮᠳᠡᠭᠯᠡᠨ ᠥᠭᠴᠡᠢ᠃