ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠵᠠᠮᠰᠤ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠵᠠᠮᠰᠤ ︵ 1947—— 1989︶ ᠪᠦᠬᠦ ᠤᠯᠤᠰ ᠤᠨ ᠰᠢᠯᠢᠳᠡᠭ ᠠᠷᠠᠳ ᠤᠨ ᠵᠡᠪᠰᠡᠭᠲᠦ ᠴᠠᠭᠳᠠᠭ᠎ᠠ᠃ ᠥᠪᠦᠷ ᠮᠣᠩᠭᠤᠯ ᠤ᠋ᠨ ᠨᠠᠢ᠍ᠮᠠᠨ ᠬᠣᠰᠢᠭᠤᠨ ᠳᠤ ᠨᠤᠲᠤᠭ ᠲᠠᠢ᠂ ᠮᠣᠩᠭᠤᠯ ᠦᠨᠳᠦᠰᠦᠲᠡᠨ᠃ 1963 ᠣᠨ ᠤ 8 ᠰᠠᠷ᠎ᠠ ᠳᠤ ᠴᠡᠷᠢᠭ ᠲᠦ ᠣᠷᠤᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠮᠥᠨ᠂ ᠪᠠᠢᠯᠳᠤᠭᠴᠢ᠂ ᠬᠢᠯᠢ ᠶᠢᠨ ᠰᠡᠷᠭᠡᠢᠯᠡᠯᠲᠡ ᠶᠢᠨ ᠲᠣᠮᠢᠯᠠᠭᠰᠠᠨ ᠰᠠᠯᠪᠤᠷᠢ ᠶᠢᠨ ᠳᠡᠳ᠋ ᠳᠠᠷᠤᠭ᠎ᠠ᠂ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ᠃ ᠲᠡᠷᠡ ᠠᠮᠢ ᠪᠡᠶ᠎ᠡ ᠶᠢᠨ ᠠᠰᠢᠭ ᠨᠡᠷ᠎ᠡ ᠪᠠ ᠪᠠᠢᠷᠢ ᠰᠠᠭᠤᠷᠢ ᠪᠠᠨ ᠬᠠᠢᠬᠤᠷᠤᠯ ᠦᠭᠡᠢ ᠦᠨᠳᠦᠰᠦᠨ ᠱᠠᠳᠤᠨ ᠳ᠋ᠤ᠌ 21 ᠣᠨ ᠠᠵᠢᠯᠯᠠᠵᠤ᠂ ᠪᠦᠬᠦ ᠠᠢᠮᠠᠭ ᠤᠨ ᠳᠣᠲᠤᠭᠠᠳᠤ ᠶ᠋ᠢ ᠬᠠᠮᠠᠭᠠᠯᠠᠬᠤ ᠬᠢᠯᠢ ᠶᠢᠨ ᠰᠡᠷᠭᠡᠢᠯᠡᠯᠲᠡ ᠶᠢᠨ ᠰᠢᠰᠲ᠋ᠧᠮ ᠦᠨ ᠰᠢᠯᠢᠳᠡᠭ ᠠᠷᠠᠳ ᠤᠨ ᠴᠠᠭᠳᠠᠭ᠎ᠠ ᠪᠠᠷ ᠣᠯᠠᠨ ᠤᠳᠠᠭ᠎ᠠ ᠰᠣᠩᠭᠤᠭᠳᠠᠵᠠᠢ᠃ ᠲᠡᠷᠡ ᠤᠯᠠᠭᠠᠨᠴᠠᠪ ᠠᠢᠮᠠᠭ ᠤᠨ ᠳᠠᠷᠬᠠᠨ ᠮᠤᠤᠮᠢᠩᠭᠠᠨ ᠬᠣᠯᠪᠤᠭᠠᠲᠤ ᠬᠣᠰᠢᠭᠤᠨ ᠤ ᠮᠠᠨᠳᠤᠯ ᠳᠠᠬᠢ ᠬᠢᠯᠢ ᠶᠢᠨ ᠰᠡᠷᠭᠡᠢᠯᠡᠯᠲᠡ ᠶᠢᠨ ᠲᠣᠮᠢᠯᠠᠭᠰᠠᠨ ᠰᠠᠯᠪᠤᠷᠢ ᠶᠢᠨ ᠰᠠᠯᠪᠤᠷᠢ ᠶᠢᠨ ᠳᠠᠷᠤᠭ᠎ᠠ ᠪᠠᠢᠭᠰᠠᠨ ᠬᠤᠭᠤᠴᠠᠭᠠᠨ ᠳᠤ ᠲᠡᠭᠦᠨ ᠦ ᠲᠣᠮᠢᠯᠠᠭᠰᠠᠨ ᠰᠠᠯᠪᠤᠷᠢ ᠨᠢ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠳᠣᠲᠤᠭᠠᠳᠤ ᠶ᠋ᠢ ᠬᠠᠮᠠᠭᠠᠯᠠᠬᠤ ᠬᠢᠯᠢ ᠶᠢᠨ ᠰᠡᠷᠭᠡᠢᠯᠡᠯᠲᠡ ᠶᠢᠨ ᠲᠡᠷᠢᠭᠦᠨ ᠦ ᠲᠣᠮᠢᠯᠠᠭᠰᠠᠨ ᠰᠠᠯᠪᠤᠷᠢ ᠪᠠᠷ ᠱᠠᠩᠨᠠᠭᠳᠠᠵᠠᠢ᠃ 1989 ᠣᠨ ᠤ 11 ᠰᠠᠷ᠎ᠠ ᠶᠢᠨ 23 ᠤ ᠡᠳᠦᠷ ᠬᠡᠷᠡᠭ ᠢ ᠢᠯᠡᠷᠡᠭᠦᠯᠬᠦ ᠠᠵᠢᠯ ᠳᠤᠮᠳᠠ ᠶᠠᠯᠠᠲᠠᠨ ᠲᠡᠭᠦᠨ ᠦ ᠤᠪᠠᠢᠨ ᠳᠤ ᠦᠭᠡᠢ ᠪᠠᠢᠬᠤ ᠳᠤᠨᠢ ᠭᠠᠷ ᠬᠥᠳᠡᠯᠵᠦ ᠲᠡᠭᠦᠨ ᠢ ᠬᠦᠨᠳᠦ ᠰᠢᠷᠬᠠᠲᠤᠭᠤᠯᠤᠭᠰᠠᠨ ᠤᠴᠢᠷ ᠠᠴᠠ ᠲᠡᠷᠡ ᠳᠣᠣᠷ᠎ᠠ ᠪᠠᠨ ᠠᠮᠢ ᠦᠷᠡᠭᠳᠡᠪᠡ᠃ 1990 ᠣᠨ ᠤ 3 ᠰᠠᠷ᠎ᠠ ᠶᠢᠨ 17 ᠤ ᠡᠳᠦᠷ᠂ ᠥᠪᠦᠷ ᠮᠣᠩᠭᠤᠯ ᠤ᠋ᠨ ᠵᠡᠪᠰᠡᠭᠲᠦ ᠴᠠᠭᠳᠠᠭ᠎ᠠ ᠶᠢᠨ ᠶᠡᠷᠦᠩᠬᠡᠢ ᠠᠩᠭᠢ ᠠᠴᠠ ᠲᠡᠭᠦᠨ ᠢ ᠦᠷᠡᠭᠳᠡᠭᠰᠡᠨ ᠪᠠᠭᠠᠲᠤᠷ ᠢᠶᠠᠷ ᠨᠡᠬᠡᠮᠵᠢᠯᠡᠨ ᠡᠷᠭᠦᠮᠵᠢᠯᠡᠵᠦ᠂ 1990 ᠣᠨ ᠤ 6 ᠰᠠᠷ᠎ᠠ ᠶᠢᠨ 12 ᠤᠨ ᠡᠳᠦᠷ ᠵᠡᠪᠰᠡᠭᠲᠦ ᠴᠠᠭᠳᠠᠭ᠎ᠠ ᠶᠢᠨ ᠬᠢᠯᠢ ᠶᠢᠨ ᠰᠡᠷᠭᠡᠢᠯᠡᠯᠲᠡ ᠶᠢᠨ ᠴᠡᠷᠢᠭ ᠠᠩᠭᠢ ᠶᠢᠨ ᠤᠯᠤᠰ ᠲᠥᠷᠦ ᠶᠢᠨ ᠬᠡᠯᠲᠡᠰ ᠡᠴᠡ ᠲᠡᠭᠦᠨ ᠳᠦ 2 ᠳ᠋ᠤᠭᠠᠷ ᠲᠠᠰ ᠤᠨ ᠭᠠᠪᠢᠶ᠎ᠠ ᠲᠡᠮᠳᠡᠭᠯᠡᠨ ᠥᠭᠭᠦᠭᠰᠡᠨ ᠶᠤᠮ᠃