ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠵᠠᠯᠰᠠᠨ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠵᠠᠯᠰᠠᠨ ︵ 1922—— 1948︶ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠦᠨ ᠥᠪᠦᠷ ᠮᠣᠩᠭᠤᠯ ᠤ᠋ᠨ ᠴᠡᠷᠢᠭ ᠦᠨ ᠲᠣᠭᠤᠷᠢᠭ ᠤᠨ ᠮᠣᠷᠢᠲᠤ ᠴᠡᠷᠢᠭ ᠦᠨ ᠪᠠᠢᠯᠳᠤᠭᠠᠨ ᠤ ᠭᠠᠪᠢᠶᠠᠲᠠᠨ᠃ ᠥᠪᠦᠷ ᠮᠣᠩᠭᠤᠯ ᠤ᠋ᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ ᠳᠤ ᠨᠤᠲᠤᠭ ᠲᠠᠢ᠂ ᠮᠣᠩᠭᠤᠯ ᠦᠨᠳᠦᠰᠦᠲᠡᠨ᠃ 1945 ᠣᠨ ᠳᠤ ᠴᠡᠷᠢᠭ ᠲᠦ ᠣᠷᠤᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠮᠥᠨ᠃ 1948 ᠣᠨ ᠤ 8 ᠰᠠᠷ᠎ᠠ ᠶᠢᠨ 15 ᠤ ᠡᠳᠦᠷ ᠥᠪᠦᠷ ᠮᠣᠩᠭᠤᠯ ᠤ᠋ᠨ ᠮᠣᠷᠢᠲᠤ ᠴᠡᠷᠢᠭ ᠦᠨ l  ᠳᠦᠭᠡᠷ ᠳ᠋ᠢᠸᠢᠽᠢ ᠨᠢ᠂ ᠯᠢᠶᠣᠣ ᠪᠧᠢ ᠴᠡᠷᠢᠭ ᠦᠨ ᠲᠣᠭᠤᠷᠢᠭ ᠤᠨ ᠴᠠᠬᠢᠯᠭᠠᠨ ᠵᠠᠷᠯᠢᠭ ᠢᠶᠠᠷ ᠯᠢᠦ ᠾᠧ ᠶᠢᠨ ᠵᠡᠭᠦᠨᠳᠡᠬᠢ ᠣᠷᠤᠨ ᠤ᠋ ᠨᠠᠮᠤᠷ ᠤᠨ ᠬᠤᠷᠢᠶᠠᠯᠲᠠ ᠶᠢ ᠬᠠᠮᠠᠭᠠᠯᠠᠨ᠂ ᠠᠮᠤ ᠪᠤᠳᠠᠭ᠎ᠠ ᠪᠤᠯᠢᠶᠠᠳᠠᠭ ᠳᠠᠢᠰᠤᠨ ᠳᠤ ᠴᠣᠬᠢᠯᠲᠠ ᠥᠭᠬᠦ ᠪᠡᠷ ᠮᠣᠷᠳᠠᠭᠰᠠᠨ ᠶᠤᠮ᠃ 16 ᠤ ᠣᠷᠤᠢ᠂ ᠱᠢ ᠮᠢᠨ ᠳᠦ ᠰᠠᠭᠤᠭ᠎ᠠ ᠭᠣᠮᠢᠨᠳᠠᠩ ᠤᠨ ᠴᠡᠷᠢᠭ ᠦᠨ 91  ᠳᠦᠭᠡᠷ ᠳ᠋ᠢᠸᠢᠽᠢ ᠶᠢᠨ 217 ᠳ᠋ᠤᠭᠠᠷ ᠬᠣᠷᠢᠶ᠎ᠠ ᠰᠢᠶᠣᠣ ᠶᠢᠩ ᠫᠠᠨ ᠳᠤ ᠰᠠᠭᠤᠭ᠎ᠠ ᠮᠠᠨ ᠤ ᠮᠣᠷᠢᠲᠤ ᠴᠡᠷᠢᠭ ᠦᠨ 2 ᠳ᠋ᠤᠭᠠᠷ ᠬᠣᠷᠢᠶᠠᠨ ᠤ᠋ 3 ᠳ᠋ᠤᠭᠠᠷ ᠰᠤᠮᠤᠨ ᠠᠩᠭᠢ ᠶᠢ ᠭᠡᠨᠡᠳᠡᠭᠦᠯᠦᠨ ᠳᠠᠭᠠᠷᠢᠪᠠ᠃ ᠴᠥᠭᠡᠨ ᠢ᠋ᠶ᠋ᠡᠷ ᠣᠯᠠᠨ ᠢ ᠳᠡᠢᠯᠬᠦᠶ᠎ᠡ ᠪᠡᠷᠬᠡ ᠲᠤᠯᠠ ᠲᠤᠰ ᠰᠤᠮᠤᠨ ᠠᠩᠭᠢ ᠨᠢ ᠪᠦᠰᠡᠯᠡᠯᠲᠡ ᠶᠢ ᠰᠢᠪᠲᠤᠯᠬᠤ ᠪᠠᠷ ᠪᠣᠯᠪᠠ᠃ ᠰᠠᠯᠠᠭᠠᠨ ᠳᠠᠷᠤᠭ᠎ᠠ ᠪᠠᠢᠭᠰᠠᠨ ᠵᠠᠯᠰᠠᠨ ᠭᠠᠭᠴᠠ ᠪᠡᠶ᠎ᠡ ᠪᠡᠷ ᠪᠦᠬᠦ ᠰᠤᠮᠤᠨ ᠠᠩᠭᠢ ᠪᠠᠨ ᠬᠠᠮᠠᠭᠠᠯᠠᠨ ᠰᠢᠪᠲᠤᠯᠤᠯᠲᠠ ᠬᠢᠯᠭᠡᠵᠡᠢ᠃ ᠪᠦᠰᠡᠯᠡᠯᠲᠡ ᠶᠢ ᠪᠦᠲᠦᠮᠵᠢᠲᠡᠢ ᠰᠢᠪᠲᠤᠯᠤᠭᠤᠯᠬᠤ ᠶᠢᠨ ᠲᠥᠯᠦᠭᠡ ᠲᠡᠷᠡ ᠪᠠᠢᠨ ᠫᠤᠤᠳᠠᠵᠤ ᠪᠠᠢᠨ ᠤᠬᠤᠷᠢᠬᠤ ᠠᠷᠭ᠎ᠠ ᠪᠠᠷ ᠳᠠᠢᠰᠤᠨ ᠢ ᠥᠳᠦᠭᠡᠨ ᠳᠠᠭᠠᠭᠤᠯᠪᠠ᠃ ᠫᠠᠳ ᠬᠠᠷᠠᠩᠭᠤᠢ ᠰᠥᠨᠢ ᠳᠠᠢᠰᠤᠨ ᠨᠤᠭᠤᠳ ᠫᠤᠤ ᠶᠢᠨ ᠳᠠᠭᠤᠨ ᠢᠶᠠᠷ ᠵᠡᠭᠦᠨ ᠬᠣᠢᠰᠢ ᠨᠡᠬᠡᠮᠵᠢᠯᠡᠭᠰᠡᠨ ᠳᠦ ᠪᠠᠢᠯᠳᠤᠭᠴᠢᠳ ᠨᠢ ᠠᠮᠤᠷ ᠠᠮᠤᠭᠤᠯᠠᠩ ᠢᠶᠠᠷ ᠪᠦᠰᠡᠯᠡᠯᠲᠡ ᠶᠢ ᠰᠢᠪᠲᠤᠯᠤᠨ ᠭᠠᠷᠪᠠ᠃ ᠲᠡᠷᠡ ᠠᠮᠢᠳᠤᠷᠠᠬᠤ ᠶᠢᠨ ᠬᠦᠰᠡᠯ ᠡᠷᠡᠮᠡᠯᠵᠡᠯ ᠢ ᠳᠠᠢᠴᠢᠨ ᠨᠤᠭᠤᠳ ᠲᠠᠭᠠᠨ ᠦᠯᠡᠳᠡᠭᠡᠨ ᠥᠭᠴᠦ᠂ ᠦᠬᠦᠯ ᠦᠨ ᠠᠶᠤᠯ ᠢ ᠥᠪᠡᠷ ᠲᠡᠭᠡᠨ ᠡᠭᠦᠷᠭᠡᠯᠡᠨ ᠠᠪᠴᠠᠢ᠃ ᠳᠠᠢᠰᠤᠨ ᠢᠳᠡᠭ ᠢᠳᠡᠭ ᠢᠶᠡᠷ ᠣᠢᠷᠠᠲᠤᠨ ᠢᠷᠡᠭᠰᠡᠨ ᠳᠦ ᠲᠡᠷᠡ ᠨᠢᠭᠡᠨ ᠭᠣᠷᠤᠬ᠎ᠠ ᠶ᠋ᠢᠨ ᠬᠥᠪᠡᠭᠡᠨ ᠳ᠋ᠦ᠍ ᠤᠬᠤᠷᠢᠨ ᠬᠦᠷᠴᠦ ᠰᠠᠶᠢ ᠭᠣᠣᠯ ᠭᠡᠲᠦᠯᠬᠦ ᠳᠦ ᠳᠠᠢᠰᠤᠨ ᠤ ᠰᠤᠮᠤᠨ ᠳᠤ ᠥᠷᠦᠴᠡ ᠴᠡᠭᠡᠵᠢ ᠨᠢ ᠣᠨᠤᠭᠳᠠᠵᠤ᠂ ᠠᠷᠢᠭᠤᠨ ᠴᠢᠰᠤ ᠠᠮᠢ ᠨᠠᠰᠤ ᠪᠠᠷ ᠡᠢᠨ ᠬᠦ ᠪᠦᠬᠦ ᠰᠤᠮᠤᠨ ᠠᠩᠭᠢ ᠶᠢᠨ ᠳᠠᠢᠴᠢᠨ ᠨᠤᠭᠤᠳ ᠢ᠋ᠶ᠋ᠠᠨ ᠠᠶᠤᠯ ᠠᠴᠠ ᠬᠡᠯᠲᠦᠷᠢᠭᠦᠯᠵᠦ ᠠᠷᠠᠳ ᠲᠦᠮᠡᠨ ᠦ ᠴᠢᠯᠦᠭᠡᠯᠡᠯᠲᠡ ᠶ᠋ᠢᠨ ᠦᠢᠯᠡᠰ ᠦᠨ ᠲᠥᠯᠦᠭᠡ 26 ᠨᠠᠰᠤᠨ ᠤ ᠡᠷᠬᠢᠮ ᠨᠠᠨᠳᠢᠨ ᠠᠮᠢ ᠨᠠᠰᠤ ᠪᠠᠨ ᠵᠣᠷᠢᠭᠤᠯᠤᠭᠰᠠᠨ ᠶᠤᠮ᠃ ᠥᠪᠦᠷ ᠮᠣᠩᠭᠤᠯ ᠤ᠋ᠨ ᠮᠣᠷᠢᠲᠤ ᠴᠡᠷᠢᠭ ᠦᠨ l  ᠳᠦᠭᠡᠷ ᠳ᠋ᠢᠸᠢᠽᠢ ᠶᠢᠨ 2 ᠳ᠋ᠤᠭᠠᠷ ᠬᠤᠭᠤᠴᠠᠭᠠᠨ ᠤ ᠭᠠᠪᠢᠶ᠎ᠠ ᠲᠡᠮᠳᠡᠭᠯᠡᠬᠦ ᠶᠡᠬᠡ ᠬᠤᠷᠠᠯ ᠳᠡᠭᠡᠷ᠎ᠡ ᠲᠡᠭᠦᠨ ᠳᠦ 2 ᠪᠠᠢᠯᠳᠤᠭᠠᠨ ᠤ ᠭᠠᠪᠢᠶ᠎ᠠ ᠲᠡᠮᠳᠡᠭᠯᠡᠨ ᠥᠭᠴᠡᠢ᠃