ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠪᠦᠦ ᠶᠤᠸᠠᠢ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠪᠦᠦ ᠶᠤᠸᠠᠢ ︵ 1924—— ︶ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠦᠨ ᠥᠪᠦᠷ ᠮᠣᠩᠭᠤᠯ ᠤ᠋ᠨ ᠴᠡᠷᠢᠭ ᠦᠨ ᠲᠣᠭᠤᠷᠢᠭ ᠤᠨ ᠮᠣᠷᠢᠲᠤ ᠴᠡᠷᠢᠭ ᠦᠨ ᠪᠠᠢᠯᠳᠤᠭᠠᠨ ᠤ ᠪᠠᠭᠠᠲᠤᠷ᠃ ᠥᠪᠦᠷ ᠮᠣᠩᠭᠤᠯ ᠤ᠋ᠨ ᠬᠣᠷᠴᠢᠨ ᠵᠡᠭᠦᠨ ᠭᠠᠷᠤᠨ ᠬᠣᠢᠲᠤ ᠬᠣᠰᠢᠭᠤᠨ ᠤ ᠬᠥᠮᠦᠨ᠂ ᠮᠣᠩᠭᠤᠯ ᠦᠨᠳᠦᠰᠦᠲᠡᠨ᠃ 1946 ᠣᠨ ᠳᠤ ᠴᠡᠷᠢᠭ ᠲᠦ ᠣᠷᠤᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ 1947 ᠣᠨ ᠤ 1l ᠰᠠᠷ᠎ᠠ ᠳᠤ᠂ ᠥᠪᠦᠷ ᠮᠣᠩᠭᠤᠯ ᠤ᠋ᠨ ᠮᠣᠷᠢᠲᠤ ᠴᠡᠷᠢᠭ ᠦᠨ 2 ᠳ᠋ᠤᠭᠠᠷ ᠳ᠋ᠢᠸᠢᠽᠢ ᠶᠢᠨ 11  ᠳᠦᠭᠡᠷ ᠬᠣᠷᠢᠶ᠎ᠠ ᠵᠠᠷᠯᠢᠭ ᠶᠣᠰᠣᠭᠠᠷ ᠨᠦᠩ ᠠᠨ ᠳᠤ ᠣᠴᠢᠵᠤ ᠭᠠᠵᠠᠷ ᠰᠢᠷᠤᠢ ᠶ᠋ᠢᠨ ᠥᠭᠡᠷᠡᠴᠢᠯᠡᠯᠲᠡ ᠶ᠋ᠢ ᠬᠠᠮᠠᠭᠠᠯᠠᠬᠤ᠂ ᠴᠠᠩᠴᠦ᠋ᠨ ᠢ ᠪᠦᠰᠡᠯᠡᠬᠦ ᠡᠭᠦᠷᠭᠡ ᠭᠦᠢᠴᠡᠳᠭᠡᠪᠡ᠃ 11 ᠰᠠᠷ᠎ᠠ ᠶᠢᠨ 29 ᠤ ᠡᠳᠦᠷ᠂ ᠭᠣᠮᠢᠨᠳᠠᠩ ᠤᠨ ᠴᠡᠷᠢᠭ ᠪᠣᠯᠤᠨ ᠲᠤᠬᠠᠢ ᠶ᠋ᠢᠨ ᠭᠠᠵᠠᠷ ᠤᠨ ᠳᠡᠭᠡᠷᠡᠮ ᠲᠡᠢ ᠨᠡᠢᠯᠡᠵᠦ ᠠᠮᠤ ᠪᠤᠳᠠᠭ᠎ᠠ ᠳᠡᠭᠡᠷᠡᠮᠳᠡᠬᠦ ᠪᠦᠯᠦᠭ ᠪᠣᠯᠵᠤ᠂ ᠰᠢᠶᠣᠣ ᠾᠧ ᠯᠦᠩ᠂ ᠪᠠ ᠵᠢᠨ ᠲᠦᠨ ᠲᠣᠰᠭᠤᠨ ᠠᠴᠠ ᠠᠮᠤ ᠪᠤᠳᠠᠭ᠎ᠠ ᠪᠤᠯᠢᠶᠠᠭᠰᠠᠨ ᠤ ᠳᠠᠷᠠᠭ᠎ᠠ ᠲᠢᠶᠠᠨ ᠵᠢᠶᠠ ᠸᠧ ᠫᠧᠩ ᠲᠣᠰᠭᠤᠨ ᠤ ᠭᠠᠵᠠᠷ ᠤᠨ ᠡᠵᠡᠨ ᠦ ᠶᠡᠬᠡ ᠬᠦᠷᠢᠶᠡᠨ ᠳᠦ ᠣᠷᠤᠵᠤ᠂ ᠠᠮᠤ ᠪᠤᠳᠠᠭ᠎ᠠ ᠪᠠᠨ ᠴᠠᠩᠴᠦ᠋ᠨ ᠳ᠋ᠦ᠍ ᠬᠦᠷᠭᠡᠬᠦ ᠪᠡᠷ ᠪᠡᠯᠡᠳᠭᠡᠵᠦ ᠪᠠᠢᠵᠠᠢ᠂ ᠦᠳᠡ ᠶᠢᠨ ᠬᠣᠢᠨᠠᠬᠢ 3 ᠴᠠᠭ ᠲᠤ ᠲᠢᠶᠠᠨ ᠵᠢᠶᠠ ᠸᠧ ᠫᠧᠩ ᠢ ᠳᠠᠭᠠᠷᠢᠨ ᠴᠣᠬᠢᠬᠤ ᠲᠤᠯᠤᠯᠳᠤᠭᠠᠨ ᠡᠬᠢᠯᠡᠭᠰᠡᠨ ᠳᠦ ᠪᠦᠦ ᠶᠤᠸᠠᠢ ᠶ᠋ᠢᠨ ᠪᠠᠢᠭᠰᠠᠨ ᠰᠤᠮᠤᠨ ᠠᠩᠭᠢ ᠨᠢ ᠭᠣᠣᠯ ᠲᠠᠭᠠᠷᠢᠬᠤ ᠡᠭᠦᠷᠭᠡ ᠶᠢ ᠬᠦᠯᠢᠶᠡᠪᠡ᠃ ᠲᠡᠷᠡ ᠭᠠᠪᠰᠢᠭᠠᠢ ᠠᠩᠭᠢ ᠶᠢ ᠳᠠᠭᠠᠭᠤᠯᠤᠨ᠂ ᠫᠤᠤ ᠶᠢᠨ ᠭᠠᠯᠯᠠᠭ᠎ᠠ ᠶᠢᠨ ᠬᠠᠯᠬᠠᠭ᠎ᠠ ᠳᠣᠣᠷ᠎ᠠ ᠶᠡᠬᠡ ᠬᠦᠷᠢᠶᠡᠨ ᠳᠦ ᠣᠢᠷᠠᠲᠤᠵᠤ ᠬᠥᠮᠦᠨ ᠢ᠋ᠶ᠋ᠡᠷ ᠱᠠᠲᠤ ᠪᠣᠯᠭᠠᠨ ᠭᠠᠭᠴᠠ ᠪᠡᠶ᠎ᠡ ᠪᠡᠷ ᠶᠡᠬᠡ ᠬᠦᠷᠢᠶᠡᠨ ᠳᠦ ᠬᠠᠷᠠᠢᠨ ᠣᠷᠤᠵᠤ ᠳᠠᠢᠰᠤᠨ ᠯᠤᠭ᠎ᠠ ᠰᠢᠷᠦᠭᠦᠨ ᠢᠶᠡᠷ ᠪᠠᠢᠯᠳᠤᠵᠤ᠂ ᠲᠢᠶᠠᠨ ᠵᠢᠶᠠ ᠸᠧ ᠫᠧᠩ ᠦᠨ ᠲᠤᠯᠤᠯᠳᠤᠭᠠᠨ ᠳᠤ ᠰᠢᠪᠲᠤᠯᠬᠤ ᠵᠠᠮ ᠢ ᠨᠡᠭᠡᠭᠡᠨ ᠥᠭᠴᠦ᠂ ᠪᠤᠷᠤᠩᠬᠤᠢ ᠳᠠᠢᠰᠤᠨ ᠢ ᠪᠤᠯᠲᠤ ᠪᠠᠷ ᠨᠢ ᠰᠥᠨᠦᠭᠡᠬᠦ ᠳ᠋ᠦ᠍ ᠴᠢᠬᠤᠯᠠ ᠦᠢᠯᠡᠳᠦᠯ ᠦᠵᠡᠭᠦᠯᠦᠭᠡᠳ ᠪᠠᠢᠯᠳᠤᠭᠠᠨ ᠤ ᠶᠡᠬᠡ ᠭᠠᠪᠢᠶ᠎ᠠ ᠪᠠᠢᠭᠤᠯᠵᠠᠢ᠃ 1950 ᠣᠨ ᠤ 8 ᠰᠠᠷ᠎ᠠ ᠳᠤ᠂ ᠥᠪᠦᠷ ᠮᠣᠩᠭᠤᠯ ᠤ᠋ᠨ ᠴᠡᠷᠢᠭ ᠦᠨ ᠲᠣᠭᠤᠷᠢᠭ ᠤᠨ ᠴᠢᠭᠤᠯᠤᠯᠲᠤ ᠬᠠᠭᠠᠯᠭ᠎ᠠ ᠳᠤ ᠬᠤᠷᠠᠯᠳᠤᠭᠤᠯᠤᠭᠰᠠᠨ ᠠᠩᠬᠠᠳᠠᠭᠴᠢ ᠬᠤᠭᠤᠴᠠᠭᠠᠨ ᠤ ᠪᠠᠢᠯᠳᠤᠭᠠᠨ ᠤ ᠪᠠᠭᠠᠲᠤᠷ ᠬᠥᠳᠡᠯᠮᠦᠷᠢ ᠶᠢᠨ ᠵᠢᠱ᠌ᠢᠶᠡᠴᠢ ᠶ᠋ᠢᠨ ᠲᠥᠯᠦᠭᠡᠯᠡᠭᠴᠢᠳ ᠦ᠋ᠨ ᠶᠡᠬᠡ ᠬᠤᠷᠠᠯᠳᠤᠭᠠᠨ ᠳᠤ ᠲᠡᠷᠡ ᠣᠷᠤᠯᠴᠠᠵᠤ᠂ ᠭᠤᠷᠪᠠᠳᠤᠭᠠᠷ ᠲᠠᠰ ᠤᠨ ᠪᠠᠢᠯᠳᠤᠭᠠᠨ ᠤ ᠪᠠᠭᠠᠲᠤᠷ ᠤᠨ ᠴᠣᠯᠠ ᠣᠯᠵᠠᠢ᠃