ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠪᠦᠦ ᠴᠢ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠪᠦᠦ ᠴᠢ ︵ 1919—— ︶ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠦᠨ ᠥᠪᠦᠷ ᠮᠣᠩᠭᠤᠯ ᠤ᠋ᠨ ᠴᠡᠷᠢᠭ ᠦᠨ ᠲᠣᠭᠤᠷᠢᠭ ᠤᠨ ᠵᠢᠯᠤᠭᠤᠳᠤᠭᠴᠢ ᠮᠥᠨ᠃ ᠥᠩᠭᠡᠷᠡᠭᠰᠡᠨ ᠳ᠋ᠡᠭᠡᠨ ᠪᠦᠦ ᠿᠦᠩ ᠭᠦᠢ ᠭᠡᠳᠡᠭ ᠨᠡᠷ᠎ᠡ ᠶᠢ ᠬᠡᠷᠡᠭᠯᠡᠵᠦ ᠥᠩᠭᠡᠷᠡᠪᠡ᠃ ᠮᠣᠩᠭᠤᠯ ᠦᠨᠳᠦᠰᠦᠲᠡᠨ᠂ ᠥᠪᠦᠷ ᠮᠣᠩᠭᠤᠯ ᠤ᠋ᠨ ᠵᠣᠣ ᠤᠳᠠ ᠠᠢᠮᠠᠭ ᠤᠨ ᠨᠢᠩᠴᠧᠩ ᠰᠢᠶᠠᠨ ᠤ᠋ ᠶ᠋ᠢᠨ ᠬᠥᠮᠦᠨ᠃ 1936 ᠣᠨ ᠳᠤ ᠬᠠᠭᠤᠷᠮᠠᠭ ᠮᠠᠨᠵᠤ ᠤᠯᠤᠰ ᠤᠨ ᠬᠠᠭᠤᠷᠠᠢ ᠵᠠᠮ ᠤᠨ ᠴᠡᠷᠢᠭ ᠦᠨ ᠬᠢᠩᠭᠠᠨ ᠤ ᠴᠡᠷᠢᠭ ᠦᠨ ᠨᠣᠶᠠᠨ ᠤ ᠰᠤᠷᠭᠠᠭᠤᠯᠢ ᠳᠤ ᠰᠢᠯᠭᠠᠨ ᠣᠷᠤᠪᠠ᠃ ᠰᠤᠷᠤᠯᠭ᠎ᠠ ᠪᠠᠨ ᠲᠡᠭᠦᠰᠭᠡᠭᠰᠡᠨ ᠦ᠌ ᠳᠠᠷᠠᠭ᠎ᠠ 1941 ᠣᠨ ᠠᠴᠠ 1945 ᠣᠨ ᠪᠣᠯᠲᠠᠯ᠎ᠠ ᠶᠠᠫᠣᠨ ᠴᠡᠷᠢᠭ ᠦᠨ ᠶᠠᠪᠠᠭᠠᠨ ᠴᠡᠷᠢᠭ ᠦᠨ 35 ᠳ᠋ᠤᠭᠠᠷ ᠬᠣᠷᠢᠶᠠᠨ ᠤ᠋ ᠰᠠᠯᠠᠭᠠᠨ ᠳᠠᠷᠤᠭ᠎ᠠ᠂ ᠶᠠᠪᠠᠭᠠᠨ ᠴᠡᠷᠢᠭ ᠦᠨ 5 ᠳ᠋ᠤᠭᠠᠷ ᠪᠠᠷᠢᠭᠠᠳᠠ ᠶᠢᠨ ᠶᠡᠷᠦᠩᠬᠡᠢ ᠶᠠᠪᠤᠳᠠᠯ ᠤᠨ ᠭᠠᠵᠠᠷ ᠤᠨ ᠳᠡᠳ᠋ ᠳᠠᠷᠤᠭ᠎ᠠ ᠶᠢᠨ ᠲᠤᠰᠢᠶᠠᠯ ᠳᠤ ᠪᠠᠢᠵᠤ 1946 ᠣᠨ ᠤ ᠡᠬᠢ ᠪᠡᠷ ᠤᠯᠠᠭᠠᠨᠬᠠᠳᠠ ᠳᠠᠬᠢ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠳᠡᠭᠡᠳᠦ ᠰᠤᠷᠭᠠᠭᠤᠯᠢ ᠳᠤ ᠣᠷᠤᠵᠤ ᠰᠤᠷᠤᠯᠴᠠᠭᠰᠠᠨ ᠶᠤᠮ᠃ ᠲᠤᠰ ᠵᠢᠯ ᠦᠨ 9 ᠰᠠᠷ᠎ᠠ ᠶᠢᠨ 8 ᠤ ᠡᠳᠦᠷ ᠾᠧᠪᠧᠢ᠂ ᠿᠧᠾᠧ᠂ ᠯᠢᠶᠣᠣᠳᠦ᠋ᠩ ᠦᠨ ᠴᠡᠷᠢᠭ ᠦᠨ ᠲᠣᠭᠤᠷᠢᠭ ᠤᠨ ᠵᠠᠷᠯᠢᠭ ᠢ ᠳᠠᠭᠠᠵᠤ ᠤᠯᠠᠭᠠᠨᠬᠠᠳᠠ ᠳᠤ ᠵᠤᠰᠤᠲᠤ ᠠᠢᠮᠠᠭ ᠤᠨ ᠴᠤᠪᠤᠭ᠎ᠠ ᠠᠩᠭᠢ ᠶᠢ ᠪᠠᠢᠭᠤᠯᠪᠠ᠃ ᠪᠦᠦ ᠴᠢ ᠤᠯᠠᠭᠠᠨᠬᠠᠳᠠ ᠳᠠᠬᠢ ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠳᠡᠭᠡᠳᠦ ᠰᠤᠷᠭᠠᠭᠤᠯᠢ ᠠᠴᠠ ᠵᠤᠰᠤᠲᠤ ᠠᠢᠮᠠᠭ ᠤᠨ ᠴᠤᠪᠤᠭ᠎ᠠ ᠠᠩᠭᠢ ᠳᠤ ᠠᠵᠢᠯ ᠰᠢᠯᠵᠢᠭᠦᠯᠦᠭᠰᠡᠨ ᠦ ᠰᠡᠭᠦᠯᠡᠷ᠂ 1  ᠳᠦᠭᠡᠷ ᠰᠠᠯᠪᠤᠷᠢ ᠠᠩᠭᠢ ᠶᠢᠨ ᠠᠩᠭᠢ ᠶᠢᠨ ᠳᠠᠷᠤᠭ᠎ᠠ᠂ ᠴᠤᠪᠤᠭ᠎ᠠ ᠠᠩᠭᠢ ᠶᠢᠨ ᠳᠡᠳ᠋ ᠱᠲ᠋ᠠᠪ ᠤᠨ ᠳᠠᠷᠤᠭ᠎ᠠ᠂ ᠥᠪᠦᠷ ᠮᠣᠩᠭᠤᠯ ᠤ᠋ᠨ ᠮᠣᠷᠢᠲᠤ ᠴᠡᠷᠢᠭ ᠦᠨ 3 ᠳ᠋ᠤᠭᠠᠷ ᠳ᠋ᠢᠸᠢᠽᠢ ᠶᠢᠨ ᠪᠠᠢᠯᠳᠤᠭᠠᠨ ᠬᠢᠬᠦ ᠰᠠᠯᠠᠭ᠎ᠠ ᠶᠢᠨ ᠰᠠᠯᠠᠭᠠᠨ ᠳᠠᠷᠤᠭ᠎ᠠ ᠵᠡᠷᠭᠡ ᠲᠤᠰᠢᠶᠠᠯ ᠢ ᠬᠠᠷᠢᠭᠤᠴᠠᠵᠤ ᠥᠩᠭᠡᠷᠡᠪᠡ᠃ 1946 ᠣᠨ ᠤ ᠡᠪᠦᠯ ᠦᠨ ᠤᠯᠠᠷᠢᠯ ᠤᠨ ᠴᠢᠪᠠᠭ᠎ᠠ ᠶᠢ ᠬᠠᠮᠠᠭᠠᠯᠠᠬᠤ ᠳᠠᠢᠯᠠᠯᠳᠤᠭᠠᠨ᠂ 1947 ᠣᠨ ᠤ ᠬᠠᠪᠤᠷ ᠤᠨ ᠪᠤᠷᠢᠶᠠᠳ ᠤᠨ ᠤᠷᠪᠠᠭᠰᠠᠨ ᠳᠡᠭᠡᠷᠡᠮ ᠢ ᠤᠰᠠᠳᠭᠠᠬᠤ ᠪᠠᠢᠯᠳᠤᠭᠠᠨ ᠪᠠ ᠪᠠᠷᠭᠤ ᠣᠷᠴᠢᠮ ᠤ᠋ᠨ ᠨᠤᠲᠤᠭ ᠤᠨ ᠳᠡᠭᠡᠷᠡᠮ ᠪᠠᠢ ᠶᠢᠨ ᠭᠦᠢ ᠶᠢ ᠱᠦᠭᠦᠷᠳᠡᠨ ᠠᠷᠢᠯᠭᠠᠬᠤ ᠪᠠᠢᠯᠳᠤᠭᠠᠨ ᠵᠡᠷᠭᠡ 20 ᠭᠠᠷᠤᠢ ᠤᠳᠠᠭᠠᠨ ᠤ ᠪᠠᠢᠯᠳᠤᠭᠠᠨ ᠳᠤ ᠤᠷᠢᠳ ᠬᠣᠵᠢᠳ ᠣᠷᠤᠯᠴᠠᠵᠤ ᠥᠩᠭᠡᠷᠡᠭᠰᠡᠨ ᠶᠤᠮ᠃ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ ᠤ ᠳᠠᠷᠠᠭ᠎ᠠ᠂ ᠥᠪᠦᠷ ᠮᠣᠩᠭᠤᠯ ᠤ᠋ᠨ ᠴᠡᠷᠢᠭ ᠦᠨ ᠲᠣᠭᠤᠷᠢᠭ ᠤᠨ ᠴᠡᠷᠢᠭ ᠵᠠᠰᠠᠭ ᠤᠨ ᠺᠠᠳ᠋ᠷ ᠤᠨ ᠰᠤᠷᠭᠠᠭᠤᠯᠢ ᠳᠤ ᠪᠠᠭᠰᠢᠯᠠᠵᠤ᠂ 3 ᠳ᠋ᠤᠭᠠᠷ ᠠᠩᠭᠢ ᠶᠢᠨ ᠳᠠᠷᠤᠭ᠎ᠠ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠦᠨ ᠥᠪᠦᠷ ᠮᠣᠩᠭᠤᠯ ᠤ᠋ᠨ ᠮᠣᠷᠢᠲᠤ ᠴᠡᠷᠢᠭ ᠦᠨ 5 ᠳ᠋ᠤᠭᠠᠷ ᠳ᠋ᠢᠸᠢᠽᠢ ᠶᠢᠨ 14  ᠳᠦᠭᠡᠷ ᠬᠣᠷᠢᠶᠠᠨ ᠤ᠋ ᠳᠡᠳ᠋ ᠳᠠᠷᠤᠭ᠎ᠠ᠂ 15 ᠳ᠋ᠤᠭᠠᠷ ᠬᠣᠷᠢᠶᠠᠨ ᠤ ᠬᠣᠷᠢᠶᠠᠨ ᠳᠠᠷᠤᠭ᠎ᠠ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠦᠨ ᠨᠠᠨᠵᠢᠩ ᠳᠠᠬᠢ ᠴᠡᠷᠢᠭ ᠲᠡᠢᠨ ᠦ ᠳᠡᠭᠡᠳᠦ ᠰᠤᠷᠭᠠᠭᠤᠯᠢ ᠶᠢᠨ ᠰᠤᠷᠤᠭᠴᠢ᠂ ᠶᠡᠬᠡ ᠵᠣᠣ ᠠᠢᠮᠠᠭ ᠤᠨ ᠴᠡᠷᠢᠭ ᠦ᠋ᠨ ᠬᠤᠪᠢᠶᠠᠷᠢ ᠲᠣᠭᠤᠷᠢᠭ ᠤᠨ ᠱᠲ᠋ᠠᠪ ᠤᠨ ᠳᠠᠷᠤᠭ᠎ᠠ᠂ ᠥᠪᠦᠷ ᠮᠣᠩᠭᠤᠯ ᠤ᠋ᠨ ᠴᠡᠷᠢᠭ ᠦᠨ ᠲᠣᠭᠤᠷᠢᠭ ᠤᠨ ᠪᠠᠷᠢᠯᠭ᠎ᠠ ᠶᠢᠨ ᠴᠡᠷᠢᠭ ᠦᠨ ᠡᠷᠬᠢᠯᠡᠭᠴᠢ ᠵᠡᠷᠭᠡ ᠲᠤᠰᠢᠶᠠᠯ ᠢ ᠬᠠᠷᠢᠭᠤᠴᠠᠵᠤ᠂ 《ᠰᠣᠶᠤᠯ ᠤᠨ ᠶᠡᠬᠡ ᠬᠤᠪᠢᠰᠭᠠᠯ》 ᠤᠨ ᠳᠤᠮᠳᠠ ᠬᠣᠣᠷ ᠠᠮᠰᠠᠵᠠᠢ᠃ 1955 ᠣᠨ ᠳᠤ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠭᠤᠷᠪᠠᠳᠤᠭᠠᠷ ᠲᠠᠰ ᠤᠨ ᠴᠢᠯᠦᠭᠡᠯᠡᠯᠲᠡ ᠶ᠋ᠢᠨ ᠮᠧᠳᠠᠯ ᠠᠴᠠ ᠭᠠᠷᠳᠠᠵᠤ᠂ 1958 ᠣᠨ ᠳᠤ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠦᠨ ᠢᠯᠠᠯᠲᠠ ᠶᠢᠨ ᠭᠠᠪᠢᠶᠠᠨ ᠤ ᠣᠳᠤᠨ ᠮᠧᠳᠠᠯ ᠢ ᠬᠦᠷᠲᠡᠵᠡᠢ᠃ 1979 ᠣᠨ ᠳᠤ ᠠᠵᠢᠯ ᠢᠶᠠᠨ ᠰᠡᠷᠭᠦᠭᠡᠭᠰᠡᠨ ᠦ ᠳᠠᠷᠠᠭ᠎ᠠ ᠥᠪᠦᠷ ᠮᠣᠩᠭᠤᠯ ᠤ᠋ᠨ ᠴᠡᠷᠢᠭ ᠦᠨ ᠲᠣᠭᠤᠷᠢᠭ ᠤᠨ ᠰᠧᠯᠢᠩᠪᠦ᠋ ᠶᠢᠨ ᠵᠥᠪᠯᠡᠭᠴᠢ᠂ ᠥᠪᠦᠷ ᠮᠣᠩᠭᠤᠯ ᠤ᠋ᠨ ᠠᠷᠠᠳ ᠤᠨ ᠠᠭᠠᠷ ᠤᠨ ᠰᠡᠷᠭᠡᠢᠯᠡᠯᠲᠡ ᠶᠢᠨ ᠠᠯᠪᠠᠨ ᠬᠡᠷ ᠦᠨ ᠡᠷᠬᠢᠯᠡᠭᠴᠢ ᠪᠣᠯᠪᠠ᠃ 1981 ᠣᠨ ᠳᠤ ᠠᠷᠮᠢ ᠶᠢᠨ ᠳᠡᠳ᠋ ᠳᠠᠷᠤᠭ᠎ᠠ ᠶᠢᠨ ᠲᠠᠰ ᠢᠶᠠᠷ ᠠᠵᠢᠯ ᠤᠨ ᠠᠮᠠᠷᠠᠯᠲᠠ ᠪᠠᠨ ᠠᠪᠴᠠᠢ᠃