ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠨᠠᠮᠤ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠨᠠᠮᠤ︵1925—— ︶ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠦ᠋ᠨ ᠥᠪᠦᠷ ᠮᠣᠩᠭᠤᠯ ᠤ᠋ᠨ ᠴᠡᠷᠢᠭ ᠦᠨ ᠲᠣᠭᠤᠷᠢᠭ ᠤᠨ ᠵᠢᠯᠤᠭᠤᠳᠤᠭᠴᠢ᠃ ᠥᠪᠦᠷ ᠮᠣᠩᠭᠤᠯ ᠤ᠋ᠨ ᠬᠢᠩᠭᠠᠨ ᠠᠢᠮᠠᠭ ᠤᠨ ᠵᠠᠯᠠᠢᠳ ᠬᠣᠰᠢᠭᠤᠨ ᠳᠤ ᠨᠤᠲᠤᠭ ᠲᠠᠢ᠃ 1946 ᠣᠨ ᠤ 3 ᠰᠠᠷ᠎ᠠ ᠳᠤ ᠤᠯᠠᠭᠠᠨᠬᠣᠲᠠ ᠳᠠᠬᠢ ᠵᠡᠭᠦᠨ ᠮᠣᠩᠭᠤᠯ ᠤ᠋ᠨ ᠺᠠᠳ᠋ᠷ ᠤ᠋ᠨ ᠰᠤᠷᠭᠠᠭᠤᠯᠢ ᠳᠤ ᠣᠷᠤᠯᠴᠠᠪᠠ᠃ ᠲᠤᠰ ᠵᠢᠯ ᠦᠨ 6 ᠰᠠᠷ᠎ᠠ ᠳᠤ ᠵᠡᠭᠦᠨ ᠬᠣᠢᠲᠤ ᠶᠢᠨ ᠴᠡᠷᠢᠭ ᠵᠠᠰᠠᠭ ᠤᠨ ᠶᠡᠬᠡ ᠠᠩᠭᠢ ᠶ᠋ᠢᠨ 2 ᠳ᠋ᠤᠭᠠᠷ ᠰᠠᠯᠪᠤᠷᠢ ᠠᠩᠭᠢ ᠳᠤ ᠰᠤᠷᠤᠯᠴᠠᠭᠰᠠᠨ ᠪᠠᠢᠵᠠᠢ᠃ ᠢᠩᠭᠢᠬᠦᠯᠡᠷ ᠨᠢ ᠴᠡᠷᠢᠭ ᠵᠠᠰᠠᠭ ᠤᠨ ᠶᠡᠬᠡ ᠰᠤᠷᠭᠠᠭᠤᠯᠢ ᠶᠢᠨ ᠤᠯᠤᠰ ᠲᠥᠷᠦ ᠶᠢᠨ ᠬᠡᠯᠲᠡᠰ ᠦᠨ ᠠᠵᠢᠯᠲᠠᠨ᠂ ᠥᠪᠦᠷ ᠮᠣᠩᠭᠤᠯ ᠤ᠋ᠨ ᠴᠡᠷᠢᠭ ᠦ᠋ᠨ ᠲᠣᠭᠤᠷᠢᠭ ᠤᠨ ᠤᠯᠤᠰ ᠲᠥᠷᠦ ᠶᠢᠨ ᠬᠡᠯᠲᠡᠰ ᠦᠨ ᠠᠵᠢᠯᠲᠠᠨ᠂ ᠳᠡᠳ᠋ ᠰᠠᠯᠠᠭᠠᠨ ᠳᠠᠷᠤᠭ᠎ᠠ᠂ ᠳᠡᠳ᠋ ᠭᠠᠵᠠᠷ ᠤᠨ ᠳᠠᠷᠤᠭ᠎ᠠ᠂ ᠭᠠᠵᠠᠷ ᠤᠨ ᠳᠠᠷᠤᠭ᠎ᠠ᠂ ᠤᠯᠤᠰ ᠲᠥᠷᠦ ᠶ᠋ᠢᠨ ᠳᠡᠭᠡᠳᠦ ᠰᠤᠷᠭᠠᠭᠤᠯᠢ ᠶ᠋ᠢᠨ ᠰᠤᠷᠤᠯᠭᠠᠲᠠᠨ᠂ ᠥᠪᠦᠷ ᠮᠣᠩᠭᠤᠯ ᠤ᠋ᠨ ᠴᠡᠷᠢᠭ ᠦᠨ ᠲᠣᠭᠤᠷᠢᠭ ᠤᠨ ᠤᠯᠤᠰ ᠲᠥᠷᠦ ᠶᠢᠨ ᠬᠡᠯᠲᠡᠰ ᠦᠨ ᠵᠣᠬᠢᠶᠠᠨ ᠪᠠᠢᠭᠤᠯᠬᠤ ᠭᠠᠵᠠᠷ ᠤᠨ ᠳᠡᠳ᠋ ᠳᠠᠷᠤᠭ᠎ᠠ᠂ ᠥᠪᠦᠷ ᠮᠣᠩᠭᠤᠯ ᠤ᠋ᠨ ᠴᠡᠷᠢᠭ ᠦᠨ ᠲᠣᠭᠤᠷᠢᠭ ᠤᠨ ᠶᠠᠪᠠᠭᠠᠨ ᠴᠡᠷᠢᠭ ᠦᠨ 3 ᠳ᠋ᠤᠭᠠᠷ ᠬᠣᠷᠢᠶᠠᠨ ᠤ᠋ ᠤᠯᠤᠰ ᠲᠥᠷᠦ ᠶᠢᠨ ᠭᠡᠰᠢᠭᠦᠨ᠂ ᠥᠪᠦᠷ ᠮᠣᠩᠭᠤᠯ ᠤ᠋ᠨ ᠮᠣᠷᠢᠲᠤ ᠴᠡᠷᠢᠭ ᠦᠨ 14  ᠳᠦᠭᠡᠷ ᠬᠣᠷᠢᠶᠠᠨ ᠤ᠋ ᠤᠯᠤᠰ ᠲᠥᠷᠦ ᠶᠢᠨ ᠭᠡᠰᠢᠭᠦᠨ᠂ ᠥᠪᠦᠷ ᠮᠣᠩᠭᠤᠯ ᠤ᠋ᠨ ᠴᠡᠷᠢᠭ ᠦᠨ ᠲᠣᠭᠤᠷᠢᠭ ᠤᠨ ᠰᠢᠭᠤᠳ ᠬᠠᠢᠶ᠎ᠠ ᠤᠯᠤᠰ ᠲᠥᠷᠦ ᠶᠢᠨ ᠬᠡᠯᠲᠡᠰ ᠦᠨ ᠡᠷᠬᠢᠯᠡᠭᠴᠢ᠂ ᠥᠪᠦᠷ ᠮᠣᠩᠭᠤᠯ ᠤ᠋ᠨ ᠮᠣᠷᠢᠲᠤ ᠴᠡᠷᠢᠭ ᠦᠨ 5 ᠳ᠋ᠤᠭᠠᠷ ᠳ᠋ᠢᠸᠢᠽᠢ ᠶᠢᠨ ᠳᠡᠳ᠋ ᠤᠯᠤᠰ ᠲᠥᠷᠦ ᠶᠢᠨ ᠭᠡᠰᠢᠭᠦᠨ᠂ ᠥᠪᠦᠷ ᠮᠣᠩᠭᠤᠯ ᠤ᠋ᠨ ᠶᠡᠬᠡ ᠵᠣᠣ ᠶ᠋ᠢᠨ ᠴᠡᠷᠢᠭ ᠦᠨ ᠬᠤᠪᠢᠶᠠᠷᠢ ᠲᠣᠭᠤᠷᠢᠭ ᠤᠨ ᠳᠡᠳ᠋ ᠤᠯᠤᠰ ᠲᠥᠷᠦ ᠶᠢᠨ ᠭᠡᠰᠢᠭᠦᠨ᠂ ᠤᠯᠤᠰ ᠲᠥᠷᠦ ᠶᠢᠨ ᠭᠡᠰᠢᠭᠦᠨ ᠵᠡᠷᠭᠡ ᠲᠤᠰᠢᠶᠠᠯ ᠢ ᠬᠠᠷᠢᠭᠤᠴᠠᠪᠠ᠃ 1983 ᠣᠨ ᠤ 1 ᠰᠠᠷ᠎ᠠ ᠳᠤ ᠳᠡᠳ᠋ ᠠᠷᠮᠢ ᠶᠢᠨ ᠲᠠᠰ ᠤᠨ ᠬᠠᠷᠠᠮᠵᠢ ᠪᠠᠷ ᠠᠵᠢᠯ ᠤᠨ ᠠᠮᠠᠷᠠᠯᠲᠠ ᠪᠠᠨ ᠠᠪᠴᠠᠢ᠃