ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠨᠠᠮᠰᠠᠷᠠᠢ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠨᠠᠮᠰᠠᠷᠠᠢ ︵ 1921—— 1995︶ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠦᠨ ᠥᠪᠦᠷ ᠮᠣᠩᠭᠤᠯ ᠤ᠋ᠨ ᠴᠡᠷᠢᠭ ᠦᠨ ᠲᠣᠭᠤᠷᠢᠭ ᠤᠨ ᠮᠣᠷᠢᠲᠤ ᠴᠡᠷᠢᠭ ᠦᠨ ᠵᠢᠱ᠌ᠢᠶᠡᠴᠢ ᠡᠮ ᠡᠮᠨᠡᠯᠭᠡ ᠶᠢᠨ ᠠᠵᠢᠯᠲᠠᠨ᠃ ᠭᠢᠷᠢᠨ ᠮᠤᠵᠢ ᠶᠢᠨ ᠵᠧᠨ ᠯᠠᠢ ᠰᠢᠶᠠᠨ ᠳᠤ ᠨᠤᠲᠤᠭ ᠲᠠᠢ᠃ ᠮᠣᠩᠭᠤᠯ ᠦᠨᠳᠦᠰᠦᠲᠡᠨ᠃ 1945 ᠣᠨ ᠳᠤ ᠴᠡᠷᠢᠭ ᠲᠦ ᠣᠷᠤᠭᠠᠳ 1949 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠢᠶᠡᠷ ᠡᠯᠰᠡᠭᠳᠡᠵᠡᠢ᠃ ᠡᠷᠲᠡ ᠦᠶ᠎ᠡ ᠳᠡᠭᠡᠨ ᠬᠠᠷᠪᠢᠨ ᠤ ᠬᠠᠭᠤᠷᠠᠢ ᠵᠠᠮ ᠤᠨ ᠴᠡᠷᠢᠭ ᠦᠨ ᠡᠮᠨᠡᠯᠭᠡ ᠶᠢᠨ ᠰᠤᠷᠭᠠᠭᠤᠯᠢ ᠡᠵᠡ ᠰᠤᠷᠤᠯᠭ᠎ᠠ ᠲᠡᠭᠦᠰᠪᠡ᠃ l949 ᠣᠨ ᠤ 8 ᠰᠠᠷ᠎ᠠ ᠠᠴᠠ 1951 ᠣᠨ ᠤ 1 ᠰᠠᠷ᠎ᠠ ᠪᠣᠯᠲᠠᠯ᠎ᠠ ᠲᠡᠷᠡ ᠥᠪᠦᠷ ᠮᠣᠩᠭᠤᠯ ᠤ᠋ᠨ ᠮᠣᠷᠢᠲᠤ ᠴᠡᠷᠢᠭ ᠦᠨ 4  ᠳᠦᠭᠡᠷ ᠳ᠋ᠢᠸᠢᠽᠢ ᠶᠢᠨ ᠡᠷᠡᠭᠦᠯ ᠬᠠᠮᠠᠭᠠᠯᠠᠯ ᠤᠨ ᠭᠠᠵᠠᠷ ᠤᠨ ᠭᠠᠳᠠᠷ ᠰᠠᠯᠠᠭ᠎ᠠ ᠶᠢᠨ ᠡᠷᠬᠢᠯᠡᠭᠴᠢ ᠪᠠᠢᠵᠠᠢ᠃ ᠨᠢᠭᠡ ᠵᠢᠯ ᠭᠠᠷᠤᠢ ᠶᠢᠨ ᠳᠡᠭᠡᠷᠡᠮ ᠢ ᠤᠰᠠᠳᠭᠠᠬᠤ ᠲᠤᠯᠤᠯᠳᠤᠭᠠᠨ ᠳᠤᠮᠳᠠ ᠲᠡᠷᠡ ᠡᠪᠡᠳᠴᠢᠲᠡᠨ ᠰᠢᠷᠬᠠᠲᠠᠨ ᠣᠯᠠᠨ᠂ ᠡᠮ ᠡᠮᠨᠡᠯᠭᠡ ᠴᠥᠭᠡᠨ ᠵᠡᠷᠭᠡ ᠵᠦᠢᠯ ᠪᠦᠷᠢ ᠶᠢᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠢᠳᠡᠪᠬᠢᠲᠡᠢ ᠰᠠᠨᠠᠭᠠᠴᠢᠯᠠᠭ᠎ᠠ ᠠ᠋ᠴᠠ ᠪᠠᠨ ᠬᠢᠨᠠᠮᠠᠭᠠᠢ ᠬᠢᠴᠢᠶᠡᠮᠡᠲᠡᠭᠡᠢ ᠬᠠᠷᠢᠭᠤᠴᠠᠬᠤ ᠣᠪᠤᠷ ᠢ᠋ᠶ᠋ᠠᠷ ᠰᠢᠷᠬᠠᠲᠠᠨ ᠡᠪᠡᠳᠴᠢᠲᠡᠨ ᠢ ᠡᠮᠨᠡᠨ ᠵᠠᠰᠠᠵᠤ ᠡᠷᠡᠭᠦᠯ ᠰᠠᠷᠠᠭᠤᠯ ᠪᠣᠯᠭᠠᠭᠠᠳ ᠡᠮᠦᠨ᠎ᠡ ᠹᠷᠣᠨᠲ᠋ ᠲᠤ᠌ ᠪᠥᠭᠡᠮ ᠪᠥᠭᠡᠮ ᠢ᠋ᠶ᠋ᠡᠷ ᠪᠤᠴᠠᠭᠠᠵᠤ ᠴᠡᠷᠢᠭ ᠠᠩᠭᠢ ᠶᠢᠨ ᠪᠠᠢᠯᠳᠤᠬᠤ ᠬᠦᠴᠦᠨ ᠢ ᠪᠠᠲᠤᠯᠠᠬᠤ ᠳᠤ ᠴᠢᠬᠤᠯᠠ ᠬᠤᠪᠢ ᠨᠡᠮᠡᠷᠢ ᠨᠡᠮᠡᠷᠢᠯᠡᠭᠰᠡᠨ ᠶᠤᠮ᠃ ᠵᠥᠪᠬᠡᠨ ᠱᠠᠩᠲᠤ ᠰᠢᠶᠠᠨ ᠳᠤ ᠪᠠᠢᠭ᠎ᠠ l ᠰᠠᠷ᠎ᠠ ᠢᠯᠡᠭᠦᠦ ᠶᠢᠨ ᠬᠤᠭᠤᠴᠠᠭᠠᠨ ᠳᠤ ᠲᠡᠷᠡ ᠭᠠᠭᠴᠠᠭᠠᠷ ᠢᠶᠠᠨ 10 ᠭᠠᠷᠤᠢ ᠰᠢᠷᠬᠠᠲᠠᠨ ᠢ ᠡᠮᠨᠡᠨ ᠵᠠᠰᠠᠵᠤ ᠡᠳᠡᠭᠡᠷᠡᠭᠦᠯᠦᠭᠡᠳ ᠡᠮᠦᠨ᠎ᠡ ᠹᠷᠣᠨᠲ᠋ ᠲᠤ᠌ ᠪᠤᠴᠠᠭᠠᠭᠰᠠᠨ ᠶᠤᠮ᠃ ᠲᠡᠳᠡᠭᠡᠷ ᠦᠨ ᠳᠣᠲᠤᠷᠠᠬᠢ ᠨᠢᠭᠡᠨ ᠪᠦᠯᠦᠭ ᠰᠢᠷᠬᠠᠲᠠᠨ ᠬᠡᠲᠦᠷᠬᠡᠢ ᠣᠯᠠᠨ ᠴᠢᠰᠤ ᠤᠷᠤᠰᠭᠠᠵᠤ ᠠᠮᠢ ᠨᠠᠰᠤᠨ ᠨᠢ ᠠᠶᠤᠯ ᠲᠦᠭᠰᠢᠭᠦᠷᠢ ᠳᠦ ᠤᠴᠠᠷᠠᠭᠰᠠᠨ ᠦᠶ᠎ᠡ ᠳᠦ ᠨᠠᠮᠰᠠᠷᠠᠢ ᠳᠠᠢᠴᠢᠨ ᠨᠤᠭᠤᠳ ᠤ᠋ᠨ ᠢ᠋ᠶ᠋ᠠᠨ ᠠᠮᠢ ᠨᠠᠰᠤ ᠶᠢ ᠠᠪᠤᠷᠠᠬᠤ ᠪᠠᠷ ᠥᠪᠡᠷ ᠦ᠋ᠨ ᠴᠢᠰᠤ ᠪᠠᠨ 1300 ᠮᠢᠯᠢᠯᠢᠲ᠋ᠷ ᠶᠡᠭᠦᠯᠡᠨ ᠥᠭᠴᠦ 8 ᠰᠢᠷᠬᠠᠲᠠᠨ ᠤ ᠠᠮᠢ ᠨᠠᠰᠤ ᠶᠢ ᠠᠪᠤᠷᠠᠭᠰᠠᠨ ᠶᠤᠮ᠃ ᠲᠡᠭᠦᠨ ᠦ ᠡᠨᠡ ᠬᠦ᠌ ᠦᠬᠦᠭᠰᠡᠳ ᠢ ᠠᠪᠤᠷᠠᠨ ᠰᠢᠷᠬᠠᠲᠠᠨ ᠢ ᠲᠤᠰᠠᠯᠠᠨ ᠪᠤᠰᠤᠳ ᠤᠨ ᠲᠥᠯᠦᠭᠡ ᠪᠡᠶ᠎ᠡ ᠪᠡᠨ ᠦᠷᠡᠭᠳᠡᠭᠦᠯᠬᠦ ᠡᠷᠬᠢᠮ ᠳᠡᠭᠡᠳᠦ ᠵᠠᠩ ᠴᠢᠨᠠᠷ ᠨᠢ ᠴᠡᠷᠢᠭ ᠠᠩᠭᠢ ᠶᠢᠨ ᠤᠳᠤᠷᠢᠳᠤᠯᠭ᠎ᠠ ᠪᠠ ᠬᠠᠮᠲᠤ ᠨᠤᠭᠤᠳ ᠤ᠋ᠨ ᠢ᠋ᠶ᠋ᠠᠨ ᠬᠦᠷᠢᠶᠡᠯᠡᠯ ᠮᠠᠭᠲᠠᠭᠠᠯ ᠢ ᠣᠯᠵᠠᠢ᠃ l949 ᠣᠨ ᠤ 9 ᠰᠠᠷ᠎ᠠ ᠳᠤ᠂ ᠥᠪᠦᠷ ᠮᠣᠩᠭᠤᠯ ᠤ᠋ᠨ ᠮᠣᠷᠢᠲᠤ ᠴᠡᠷᠢᠭ ᠦᠨ 4  ᠳᠦᠭᠡᠷ ᠳ᠋ᠢᠸᠢᠽᠢ ᠶᠢᠨ ᠱᠠᠩᠲᠤ ᠰᠢᠶᠠᠨ ᠤ ᠬᠣᠩᠭᠤᠷᠲᠤ ᠳ᠋ᠤ᠌ ᠬᠤᠷᠠᠯᠳᠤᠭᠤᠯᠤᠭᠰᠠᠨ ᠭᠠᠪᠢᠶ᠎ᠠ ᠲᠡᠮᠳᠡᠭᠯᠡᠬᠦ ᠶᠡᠬᠡ ᠬᠤᠷᠠᠯ ᠳᠡᠭᠡᠷ᠎ᠡ ᠲᠡᠭᠦᠨ ᠳᠦ 1  ᠳᠦᠭᠡᠷ ᠲᠠᠰ ᠤᠨ ᠭᠠᠪᠢᠶ᠎ᠠ ᠲᠡᠮᠳᠡᠭᠯᠡᠨ ᠥᠭᠴᠡᠢ᠃ ᠲᠤᠰ ᠵᠢᠯ ᠦᠨ 10 ᠰᠠᠷ᠎ᠠ ᠳᠤ ᠲᠡᠷᠡ ᠰᠦᠢᠶᠤᠸᠠᠨ ᠤ᠋ ᠴᠡᠷᠢᠭ ᠦᠨ ᠲᠣᠭᠤᠷᠢᠭ ᠤᠨ ᠠᠩᠬᠠᠳᠤᠭᠠᠷ ᠬᠤᠭᠤᠴᠠᠭᠠᠨ ᠤ ᠪᠠᠭᠠᠲᠤᠷ ᠵᠢᠱ᠌ᠢᠶᠡᠴᠢᠳ ᠦ᠋ᠨ ᠲᠥᠯᠦᠭᠡᠯᠡᠭᠴᠢᠳ ᠦ᠋ᠨ ᠶᠡᠬᠡ ᠬᠤᠷᠠᠯᠳᠤᠭᠠᠨ ᠳᠤ ᠣᠷᠤᠯᠴᠠᠭᠠᠳ 2 ᠳ᠋ᠤᠭᠠᠷ ᠲᠠᠰ ᠤᠨ ᠠᠵᠢᠯ ᠤᠨ ᠵᠢᠱ᠌ᠢᠶᠡᠴᠢ ᠶ᠋ᠢᠨ ᠴᠣᠯᠠ ᠶᠢ ᠬᠦᠷᠲᠡᠵᠡᠢ᠃