ᠨᠡᠷ᠎ᠡ:
ᠡᠦ ᠬᠠᠶ ᠯᠦᠩ
ᠴᠢᠨᠠᠷ ᠤᠨ ᠢᠯᠭᠠᠯ:
ᠨᠢᠭᠤᠴᠠ
ᠬᠠᠷᠢᠯᠴᠠᠬᠤ ᠬᠡᠯᠪᠡᠷᠢ:
ᠵᠣᠬᠢᠶᠠᠭᠴᠢ ᠶᠢᠨ ᠲᠠᠨᠢᠯᠴᠠᠭᠤᠯᠭ᠎ᠠ:
ᠡᠦ ᠬᠠᠶ ᠯᠦᠩ ︵ 1963~︶
ᠪᠢᠴᠢᠭ ᠦᠨ ᠨᠡᠷ᠎ᠡ ᠣ᠊ •ᠠᠭᠲᠠᠢ ᠂ ᠳᠤᠮᠳᠠᠳᠤ ᠤᠯᠤᠰ ᠤᠨ ᠵᠠᠭᠤᠨ ᠰᠣᠳᠣᠨ ᠰᠤᠷᠪᠤᠯᠵᠢᠯᠠᠭᠴᠢ ᠶᠢᠨ ᠨᠢᠭᠡ ᠂ ᠡᠷᠬᠢᠯᠡᠭᠴᠢ ᠨᠠᠶᠢᠷᠠᠭᠤᠯᠤᠭᠴᠢ ᠃ ᠥᠪᠥᠷ ᠮᠣᠩᠭᠣᠯ ᠤᠨ ᠬᠣᠷᠴᠢᠨ ᠵᠡᠭᠦᠨ ᠭᠠᠷᠤᠨ ᠬᠣᠶᠢᠲᠤ ᠬᠣᠰᠢᠭᠤᠨ ᠤ ᠬᠥᠮᠦᠨ ᠃
︽ ᠥᠪᠥᠷ ᠮᠣᠩᠭᠣᠯ ᠤᠨ ᠡᠳᠦᠷ ᠦᠨ ᠰᠣᠨᠢᠨ ︾ ᠤ ᠮᠣᠩᠭᠣᠯ ᠬᠢᠲᠠᠳ ᠤᠨ ᠬᠡᠪᠯᠡᠯ ᠳᠡᠭᠡᠷ᠎ᠡ ᠮᠢᠩᠭ᠎ᠠ ᠰᠢᠬᠠᠮ ᠰᠣᠨᠢᠨ ᠮᠡᠳᠡᠭᠡᠨ ᠦ ᠡᠬᠡ ᠪᠢᠴᠢᠭ ᠨᠡᠶᠢᠲᠡᠯᠡᠭᠦᠯᠵᠦ ︽ ᠠᠯᠲᠠᠨ ᠰᠢᠷᠭᠠᠯ ᠪᠠᠳᠠᠶ ᠶᠢᠨ ᠵᠢᠷᠠᠨ ︾ ᠂ ᠵᠡᠷᠭᠡ ᠲᠥᠯᠥᠭᠡᠯᠡᠭᠴᠢ ᠪᠦᠲᠦᠭᠡᠯ ᠪᠠ ᠪᠤᠰᠤᠳ ᠪᠦᠲᠦᠭᠡᠯ ᠨᠢ
ᠪᠦᠬᠦ ᠤᠯᠤᠰ ᠤᠨ ᠮᠣᠩᠭᠣᠯ ᠰᠣᠨᠢᠨ ᠤ ᠰᠠᠶᠢᠨ ᠰᠣᠨᠢᠨ ᠮᠡᠳᠡᠭᠡᠨ ᠦ ᠱᠠᠩᠨᠠᠯ ᠪᠠ ᠥᠪᠥᠷ ᠮᠣᠩᠭᠣᠯ ᠤᠨ ᠰᠣᠨᠢᠨ ᠮᠡᠳᠡᠭᠡᠨ ᠦ ᠱᠠᠩᠨᠠᠯ ᠵᠢᠴᠢ ᠬᠠᠮᠢᠶ᠎ᠠ ᠪᠦᠬᠦᠢ ,ᠰᠢᠰᠲᠸ᠋ᠮ ᠦᠨ ᠰᠠᠶᠢᠨ ᠰᠣᠨᠢᠨ ᠮᠡᠳᠡᠭᠡᠨ ᠦ ᠱᠠᠩᠨᠠᠯ ᠢ ᠭᠤᠴᠢᠭᠠᠳ ᠤᠳᠠᠭ᠎ᠠ ᠬᠦᠷᠲᠡᠪᠡ ᠃ 1966ᠣᠨ ᠳᠤ ᠰᠣᠨᠢᠨ ᠮᠡᠳᠡᠭᠡᠨ ᠦ ᠪᠦᠲᠦᠭᠡᠯ ᠦᠨ ᠤᠤᠭᠠᠨ ᠲᠡᠭᠦᠪᠦᠷᠢ ︽ ᠡᠷᠢᠯ ᠦᠨ ᠰᠢᠨ᠎ᠡ ᠰᠤᠷᠠᠭ ︾ ᠢᠶᠠᠨ ᠬᠡᠪᠯᠡᠭᠦᠯᠪᠡ ᠃ 1995ᠣᠨ ᠠᠴᠠ ᠬᠣᠶᠢᠰᠢ ᠂ ᠤᠷᠢᠳ ᠬᠣᠵᠢᠳ ︽ ᠥᠪᠥᠷ ᠮᠣᠩᠭᠣᠯ ᠤᠨ ᠡᠳᠦᠷ ᠦᠨ ᠰᠣᠨᠢᠨ ︾ ᠤ ᠮᠣᠩᠭᠣᠯ ᠬᠡᠪᠯᠡᠯ ᠦᠨ ︽ ᠭᠠᠷᠠᠭ ᠤᠨ ᠰᠡᠭᠦᠯᠴᠢ ᠶᠢᠨ ᠬᠡᠪᠯᠡᠯ︾ ᠂ ︽ ᠭᠠᠷᠠᠭ ᠤᠨ ᠰᠡᠭᠦᠯᠴᠢ ᠶᠢᠨ ᠨᠡᠮᠡᠯᠲᠡ ᠬᠡᠪᠯᠡᠯ ︾ ᠂ ︽ ᠨᠡᠶᠢᠭᠡᠮ ᠭᠠᠷᠠᠭ ᠤᠨ ᠬᠡᠪᠯᠡᠯ ︾ ᠂ ︽ ᠠᠵᠤ ᠠᠬᠤᠶ ᠭᠠᠷᠠᠭ ᠤᠨ ᠬᠡᠪᠯᠡᠯ ︾ ᠂ ᠪᠠ ︽ᠥᠪᠥᠷ ᠮᠣᠩᠭᠣᠯ ᠤᠨ ᠠᠮᠢᠳᠤᠷᠠᠯ ᠭᠠᠷᠠᠭ ᠤᠨ ᠰᠣᠨᠢᠨ ︾ ᠤ ᠬᠡᠪᠯᠡᠯ ᠡᠬᠢᠯᠡᠬᠦ ᠠᠵᠢᠯ ᠳᠤ ᠭᠣᠤᠯᠴᠢᠯᠠᠨ ᠣᠷᠣᠯᠴᠠᠵᠤ ᠂ ᠡᠬᠡ ᠪᠢᠴᠢᠭ ᠪᠢᠴᠢᠬᠦ ᠂ ᠨᠠᠶᠢᠷᠠᠭᠤᠯᠬᠤ ᠂ ᠬᠢᠨᠠᠬᠤ ᠂ ᠤᠬᠠᠭᠤᠯᠬᠤ ᠲᠥᠰᠦᠪᠯᠡᠬᠦ ᠠᠵᠢᠯ ᠢ ᠭᠠᠷᠳᠠᠨ ᠭᠦᠢᠴᠡᠳᠬᠡᠪᠡ ᠃
Copyight 2016 by nmgmzw.gov.cn All Rights Reserved