ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠬᠤᠪᠢᠰᠬᠠᠯᠲᠤ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠬᠤᠪᠢᠰᠬᠠᠯᠲᠤ ︵ 1967 ~︶ ᠊᠊
ᠴᠢᠯᠥᠭᠡᠲᠦ ᠪᠥᠬᠡ ᠶᠢᠨ ᠤᠯᠤᠰ ᠤᠨ ᠠᠪᠤᠷᠭᠤ ᠃ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠠᠶᠢᠮᠠᠭ ᠤᠨ ᠤᠷᠠᠳ ᠤᠨ ᠳᠤᠮᠳᠠᠳᠤ ᠬᠣᠰᠢᠭᠤᠨ ᠤ ᠬᠥᠮᠦᠨ ᠃1987 ᠣᠨ ᠤ11 ᠳ᠋ᠦ᠋ᠭᠡᠷ ᠰᠠᠷ᠎ᠠ ᠳᠤ ᠭᠤᠸᠠᠩᠵᠧᠦ ᠳᠦ ᠶᠠᠪᠤᠭᠳᠠᠭᠰᠠᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ6 ᠳ᠋ᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠪᠣᠯᠤᠨ1993 ᠣᠨ ᠤ9  ᠳ᠋ᠦ᠋ᠭᠡᠷ ᠰᠠᠷ᠎ᠠ ᠳᠤ ᠪᠡᠭᠡᠵᠢᠩ ᠳᠦ ᠶᠠᠪᠤᠭᠳᠠᠭᠰᠠᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ7 ᠳ᠋ᠤᠭᠠᠷ ᠬᠤᠭᠤᠴᠠᠭᠠᠨ ᠤ ᠪᠡᠶ᠎ᠡ ᠲᠠᠮᠢᠷ ᠤᠨ ᠴᠤᠭᠯᠠᠭᠠᠨ ᠤ ᠴᠢᠯᠥᠭᠡᠲᠦ ᠪᠥᠬᠡ ᠶᠢᠨ74 ᠺᠢᠯᠣᠭ᠍ᠷᠠᠮ ᠤᠨ ᠳᠡᠰ ᠲᠤ ᠲᠤᠰ ᠲᠤᠰ ᠲᠡᠷᠢᠭᠦᠯᠡᠵᠦ ᠬᠣᠶᠠᠷ ᠤᠳᠠᠭ᠎ᠠ ᠵᠠᠯᠭᠠᠭ᠎ᠠ ᠪᠠᠷ ᠪᠦᠬᠦ ᠤᠯᠤᠰ ᠤᠨ ᠲᠣᠮᠣ ᠬᠡᠪᠴᠢᠶᠡᠨ ᠦ ᠪᠡᠶ᠎ᠡ ᠶᠢᠨ ᠲᠠᠮᠢᠷ ᠤᠨ ᠴᠤᠭᠯᠠᠭᠠᠨ  ᠤ ᠠᠯᠲᠠᠨ ᠮᠧᠳᠠᠯ ᠬᠦᠷᠲᠡᠭᠰᠡᠨ ᠪᠠᠶᠢᠨ᠎ᠠ ᠃1988 ᠣᠨ ᠤ ᠵᠸᠡᠩᠵᠸᠦ ᠳᠦ ᠶᠠᠪᠤᠭᠳᠠᠭᠰᠠᠨ ᠱᠠᠩᠨᠠᠯᠲᠤ ᠪᠠᠷᠢᠯᠳᠤᠭᠠᠨ ᠂1988 ᠣᠨ ᠤ ᠭᠦᠢᠶᠠᠩ ᠳᠤ ᠶᠠᠪᠤᠭᠳᠠᠭᠰᠠᠨ ᠲᠡᠷᠢᠭᠦᠨ ᠰᠢᠯᠭᠠᠷᠠᠭᠤᠯᠬᠤ ᠪᠠᠷᠢᠯᠳᠤᠭᠠᠨ ᠂1989 ᠣᠨ ᠤ ᠭᠦᠨᠮᠢᠩ ᠳᠦ ᠶᠠᠪᠤᠭᠳᠠᠭᠰᠠᠨ ᠱᠠᠩᠨᠠᠯᠲᠤ ᠪᠠᠷᠢᠯᠳᠤᠭᠠᠨ ᠂1989 ᠣᠨ ᠤ ᠦᠷᠦᠮᠴᠢ ᠳᠦ ᠶᠠᠪᠤᠭᠳᠠᠭᠰᠠᠨ ᠲᠡᠷᠢᠭᠦᠨ ᠰᠢᠯᠭᠠᠷᠠᠭᠤᠯᠬᠤ ᠪᠠᠶᠢᠯᠳᠤᠭᠠᠨ ᠂1990 ᠣᠨ ᠤ ᠵᠸᠡᠩᠵᠸᠦ ᠳᠦ ᠶᠠᠪᠤᠭᠳᠠᠭᠰᠠᠨ ᠲᠡᠷᠢᠭᠦᠨ ᠪᠠᠷᠢᠯᠳᠤᠭᠠᠨ ᠂1991 ᠣᠨ ᠤ ᠪᠡᠭᠡᠵᠢᠩ ᠬᠣᠲᠠ ᠳᠤ ᠶᠠᠪᠤᠭᠳᠠᠭᠰᠠᠨ ᠱᠠᠩᠨᠠᠯᠲᠤ ᠪᠠᠷᠢᠯᠳᠤᠭᠠᠨ  ᠵᠡᠷᠭᠡ ᠣᠯᠠᠨ ᠤᠳᠠᠭᠠᠨ ᠤ ᠰᠢᠯᠭᠠᠷᠠᠭᠤᠯᠤᠯᠲᠠ ᠳᠤ ᠱᠠᠩᠨᠠᠯ ᠬᠦᠷᠲᠡᠭᠰᠡᠨ ᠪᠠᠶᠢᠨ᠎ᠠ ᠃