ᠬᠤᠭᠤᠴᠠᠭᠠᠲᠦ ᠰᠡᠳᠭᠦᠯ
>
ᠥᠪᠦᠷ ᠮᠣᠩᠭᠤᠯ ᠤ᠋ᠨ ᠮᠠᠯ ᠠᠵᠤ ᠠᠬᠤᠢ
>
ᠰᠢᠨᠵᠢᠶᠠᠩ ᠤ᠋ᠨ ᠮᠠᠯ ᠠᠵᠤ ᠠᠬᠤᠢ
>
ᠰᠢᠨᠵᠢᠯᠡᠬᠦ ᠤᠬᠠᠭᠠᠨ ᠠᠮᠢᠳᠤᠷᠠᠯ
>
ᠥᠪᠦᠷ ᠮᠣᠩᠭᠤᠯ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ
>
ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠪᠠᠢᠭᠠᠯᠢ ᠶ᠋ᠢᠨ ᠰᠢᠨᠵᠢᠯᠡ
>
ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠮᠣᠩᠭᠤᠯ ᠠᠨᠠᠭᠠᠬᠤ ᠤᠬᠠᠭᠠ
>
ᠮᠣᠩᠭᠤᠯ ᠠᠳᠤᠭᠤ
>
ᠥᠪᠦᠷ ᠮᠣᠩᠭᠤᠯ ᠤ᠋ᠨ ᠮᠠᠯ ᠠᠵᠤ ᠠᠬᠤᠢ ᠵᠢᠨ ᠰᠢᠨᠵᠢᠯᠡᠬᠦ ᠤᠬᠠᠭᠠᠨ
>
ᠥᠪᠦᠷ ᠮᠣᠩᠭᠤᠯ ᠤ᠋ᠨ ᠮᠠᠯ ᠡᠮᠨᠡᠯᠭᠡ
>
ᠲᠣᠭᠠᠨ ᠤ᠋ ᠤᠬᠠᠭᠠᠨ ᠤ᠋ ᠭᠠᠷ ᠪᠢᠴᠢᠮᠡᠯ
>
ᠥᠪᠦᠷ ᠮᠣᠩᠭᠤᠯ ᠤ᠋ᠨ ᠦᠨᠳᠦᠰᠦᠲᠡᠨ ᠦ᠌ ᠡᠮᠨᠡᠯᠭᠡ ᠶ᠋ᠢᠨ ᠳᠡᠭᠡᠳᠦ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ

ᠢᠮᠠᠭ᠎ᠠ ᠵᠢ ᠪᠦᠬᠦ ᠵᠢᠯ ᠢ᠋ᠶ᠋ᠡᠷ ᠪᠡᠯᠴᠢᠭᠡᠷᠯᠡᠭᠦᠯᠬᠦ ᠵᠢ ᠬᠣᠷᠢᠭᠯᠠᠵᠤ ᠪᠠᠢᠬᠤ ᠶ᠋ᠢᠨ ᠰᠢᠯᠲᠠᠭᠠᠨ ᠪᠠ ᠲᠡᠭᠦᠨ ᠢ᠋ ᠶᠠᠭᠠᠬᠢᠵᠤ ᠰᠢᠢᠳᠪᠦᠷᠢᠯᠡᠬᠦ ᠲᠤᠬᠠᠢ

ᠢᠷᠡᠯᠲᠡ: ᠪᠠᠢᠭᠠᠯᠢ ᠶ᠋ᠢᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠰᠢᠨᠵᠢᠯᠡᠬᠦ ᠤᠬᠠᠭᠠᠨ -> 201603
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/08/30
ᠦᠵᠡᠭᠰᠡᠨ ᠤᠳᠠᠭ᠎ᠠ: 3ᠤᠳᠠᠭ᠎ᠠ
ᠵᠣᠬᠢᠶᠠᠭᠴᠢ᠄ ᠮᠦᠯᠠᠨ᠂ ᠴᠠᠩ ᠾᠦᠩ᠂ ᠰᠠᠢᠰᠢᠶᠠᠯ᠂ ᠰᠦᠨ ᠬᠠᠢ ᠯᠢᠶᠠᠨ
ᠵᠠᠩᠭᠢᠯᠠᠭ᠎ᠠ ᠦᠭᠡ᠄ ᠢᠮᠠᠭ᠎ᠠ︔ ᠪᠡᠯᠴᠢᠭᠡᠷᠯᠡᠭᠦᠯᠬᠦ ᠵᠢ ᠬᠣᠷᠢᠭᠯᠠᠬᠤ︔ ᠨᠤᠲᠤᠭ ᠪᠡᠯᠴᠢᠭᠡᠷ ᠦ᠋ᠨ ᠠᠵᠤ ᠠᠬᠤᠢ︔ ᠲᠡᠵᠢᠭᠡᠯ ᠦ᠋ᠨ ᠬᠡᠯᠪᠡᠷᠢ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠢᠮᠠᠭ᠎ᠠ ᠪᠣᠯ ᠥᠪᠦᠷ ᠮᠣᠩᠭᠤᠯ ᠤ᠋ᠨ ᠮᠠᠯ ᠠᠵᠤ ᠠᠬᠤᠢ ᠶ᠋ᠢᠨ ᠦᠢᠯᠡᠳᠪᠦᠷᠢᠯᠡᠯ ᠳ᠋ᠡᠬᠢ ᠭᠣᠣᠯ ᠲᠡᠵᠢᠭᠡᠪᠦᠷᠢ ᠪᠣᠯᠬᠤ ᠪᠥᠭᠡᠳ ᠣᠷᠤᠨ ᠨᠤᠲᠤᠭ ᠤ᠋ᠨ ᠠᠵᠤ ᠠᠬᠤᠢ ᠶ᠋ᠢᠨ ᠬᠥᠭᠵᠢᠯᠲᠡ ᠬᠢᠭᠡᠳ ᠮᠠᠯᠴᠢᠨ ᠲᠠᠷᠢᠶᠠᠴᠢᠨ ᠤ᠋ ᠣᠷᠤᠯᠭ᠎ᠠ ᠵᠢ ᠨᠡᠮᠡᠭᠳᠡᠭᠦᠯᠬᠦ ᠳ᠋ᠤ᠌ ᠴᠢᠬᠤᠯᠠ ᠦᠢᠯᠡᠳᠦᠯ ᠦᠵᠡᠭᠦᠯᠵᠦ ᠪᠠᠢᠨ᠎ᠠ᠃2013 ᠣᠨ ᠳ᠋ᠤ᠌ ᠬᠢᠭᠰᠡᠨ ᠪᠠᠢᠴᠠᠭᠠᠯᠲᠠ ᠠ᠋ᠴᠠ ᠦᠵᠡᠪᠡᠯ ᠨᠤᠲᠤᠭ ᠪᠡᠯᠴᠢᠭᠡᠷ ᠢ᠋ ᠪᠦᠲᠦᠭᠡᠨ ᠪᠠᠢᠭᠤᠯᠵᠤ ᠬᠠᠮᠠᠭᠠᠯᠠᠬᠤ ᠲᠥᠷᠦ ᠶ᠋ᠢᠨ ᠪᠣᠳᠤᠯᠭ᠎ᠠ ᠶ᠋ᠢᠨ ᠶᠣᠰᠤᠭᠠᠷ ᠢᠮᠠᠭ᠎ᠠ ᠵᠢ ᠪᠡᠯᠴᠢᠭᠡᠷᠯᠡᠭᠦᠯᠬᠦ ᠵᠢ ᠬᠣᠷᠢᠭᠯᠠᠬᠤ ᠴᠠᠭ ᠬᠤᠭᠤᠴᠠᠭ᠎ᠠ ᠨᠢ ᠬᠤᠪᠢᠶᠠᠭᠰᠠᠨ ᠠ᠋ᠴᠠ ᠤᠷᠲᠤ ᠪᠤᠶᠤ ᠪᠦᠬᠦᠯᠢ ᠵᠢᠯ ᠢ᠋ᠶ᠋ᠡᠷ ᠨᠢ ᠬᠣᠷᠢᠭᠯᠠᠵᠤ ᠪᠠᠢᠨ᠎ᠠ᠃ ᠡᠭᠦᠨ ᠤ᠋ ᠭᠣᠣᠯ ᠰᠢᠯᠲᠠᠭᠠᠨ ᠭᠡᠪᠡᠯ ᠶᠠᠭᠤᠨ ᠤ᠋ ᠡᠮᠦᠨ᠎ᠡ ᠡᠨᠡ ᠪᠣᠯ ᠨᠤᠲᠤᠭ ᠪᠡᠯᠴᠢᠭᠡᠷ ᠦ᠋ᠨ ᠠᠵᠤ ᠠᠬᠤᠢ ᠵᠢ ᠬᠠᠮᠠᠭᠠᠯᠠᠬᠤ ᠶ᠋ᠢᠨ ᠪᠣᠳᠠᠲᠤ ᠬᠡᠷᠡᠭᠴᠡᠭᠡ ᠡᠴᠡ ᠡᠭᠦᠰᠴᠡᠢ᠃ ᠳᠠᠷᠠᠭᠠᠯᠠᠪᠠᠯ ᠮᠠᠯ ᠰᠦᠷᠦᠭ ᠦ᠋ᠨ ᠪᠦᠲᠦᠴᠡ ᠶ᠋ᠢᠨ ᠰᠢᠨᠵᠢᠯᠡᠬᠦ ᠤᠬᠠᠭᠠᠨᠴᠢ ᠪᠤᠰᠤ ᠬᠢᠭᠡᠳ ᠨᠤᠲᠤᠭ ᠪᠡᠯᠴᠢᠭᠡᠷ ᠦ᠋ᠨ ᠡᠬᠢ ᠪᠠᠶᠠᠯᠢᠭ ᠢ᠋ ᠬᠡᠲᠦᠷᠬᠡᠢ ᠠᠰᠢᠭᠯᠠᠭᠰᠠᠨ  ᠠ᠋ᠴᠠ ᠪᠣᠯᠵᠠᠢ᠃ ᠭᠤᠷᠪᠠᠳᠤᠭᠠᠷ ᠲᠤ᠌ ᠢᠮᠠᠭ᠎ᠠ ᠶ᠋ᠢᠨ ᠲᠤᠰ ᠪᠡᠶ᠎ᠡ ᠶ᠋ᠢᠨ ᠵᠠᠩ ᠠᠶᠠᠭ ᠠ᠋ᠴᠠ ᠲᠣᠭᠲᠠᠭᠠᠭᠳᠠᠵᠠᠢ᠃ ᠣᠳᠣᠬᠢ ᠱᠠᠲᠤᠨ ᠳ᠋ᠤ᠌ ᠢᠮᠠᠭ᠎ᠠ ᠲᠡᠵᠢᠭᠡᠬᠦ ᠳ᠋ᠤ᠌ ᠭᠠᠵᠠᠷ ᠣᠷᠤᠨ ᠤ᠋ ᠪᠠᠨ ᠪᠠᠢᠳᠠᠯ ᠳ᠋ᠤ᠌ ᠲᠣᠬᠢᠷᠠᠭᠤᠯᠤᠨ ᠮᠠᠯ ᠰᠦᠷᠦᠭ ᠦ᠋ᠨ ᠪᠦᠲᠦᠴᠡ ᠬᠢᠭᠡᠳ ᠲᠡᠵᠢᠭᠡᠯ ᠦ᠋ᠨ ᠬᠡᠯᠪᠡᠷᠢ ᠵᠢ ᠲᠣᠬᠢᠷᠠᠮᠵᠢᠲᠠᠢ ᠰᠣᠩᠭᠤᠵᠤ᠂ ᠢᠮᠠᠭ᠎ᠠ ᠲᠡᠵᠢᠭᠡᠬᠦ ᠲᠣᠭ᠎ᠠ ᠨᠤᠷᠮ᠎ᠠ ᠵᠢ ᠬᠢᠵᠠᠭᠠᠷᠯᠠᠵᠤ᠂ ᠪᠣᠳᠠᠭᠠᠯᠢ ᠪᠡᠶ᠎ᠡ ᠶ᠋ᠢᠨ ᠭᠠᠷᠤᠯᠲᠠ ᠪᠣᠯᠤᠨ ᠶᠠᠰᠤ ᠴᠢᠨᠠᠷ ᠢ᠋ ᠨᠢ ᠳᠡᠭᠡᠭᠰᠢᠯᠡᠭᠦᠯᠵᠦ᠂ ᠭᠦᠢᠴᠡᠳ ᠬᠡᠮᠵᠢᠶᠡᠨ ᠤ᠋ ᠲᠡᠵᠢᠭᠡᠯ ᠡᠪᠡᠰᠦ ᠵᠢ ᠪᠠᠲᠤᠯᠠᠵᠤ᠂ ᠰᠢᠨᠵᠢᠯᠡᠬᠦ ᠤᠬᠠᠭᠠᠨᠴᠢ ᠪᠠᠷ ᠲᠡᠵᠢᠭᠡᠬᠦ ᠬᠠᠮᠢᠶᠠᠷᠤᠯᠲᠠ ᠶ᠋ᠢᠨ ᠠᠷᠭ᠎ᠠ ᠵᠢ ᠰᠣᠩᠭᠤᠬᠤ ᠬᠡᠷᠡᠭᠲᠡᠢ᠃