︽ᠠᠨᠠᠭᠠᠬᠤ ᠤᠬᠠᠭᠠᠨ ᠤ ᠳᠥᠷᠪᠡᠨ ᠦᠨᠳᠦᠰᠦ︾ ᠳ᠋ᠡᠬᠢ ᠠᠨᠠᠭᠠᠬᠤ ᠤᠬᠠᠭᠠᠨ ᠤ ᠰᠤᠷᠭᠠᠨ ᠬᠥᠮᠦᠵᠢᠯ ᠦᠨ ᠦᠵᠡᠯ ᠰᠠᠨᠠᠭᠠᠨ ᠤ ᠲᠤᠬᠠᠢ ᠠᠩᠬ᠎ᠠ ᠰᠢᠨᠵᠢᠯᠡᠭᠡ
ᠢᠷᠡᠯᠲᠡ: ᠪᠠᠢᠭᠠᠯᠢ ᠶ᠋ᠢᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠮᠣᠩᠭᠤᠯ ᠠᠨᠠᠭᠠᠬᠤ ᠤᠬᠠᠭ᠎ᠠ -> 200801
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/03/04
ᠦᠵᠡᠭᠰᠡᠨ ᠤᠳᠠᠭ᠎ᠠ: 1ᠤᠳᠠᠭ᠎ᠠ
ᠵᠣᠬᠢᠶᠠᠭᠴᠢ᠄ ᠳ᠋ᠠᠢᠽᠢ᠂ ᠪᠣᠣ ᠯᠦᠩ
ᠵᠠᠩᠭᠢᠯᠠᠭ᠎ᠠ ᠦᠭᠡ᠄ ︽ᠠᠨᠠᠭᠠᠬᠤ ᠤᠬᠠᠭᠠᠨ ᠤ ᠳᠥᠷᠪᠡᠨ ᠦᠨᠳᠦᠰᠦ︾᠂ ᠰᠤᠷᠭᠠᠨ ᠬᠥᠮᠦᠵᠢᠯ ᠦᠨ ᠦᠵᠡᠯ ᠰᠠᠨᠠᠭ᠎ᠠ᠂ ᠣᠨᠤᠯ ᠰᠢᠨᠵᠢᠯᠡᠭᠡ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ︽ᠠᠨᠠᠭᠠᠬᠤ ᠤᠬᠠᠭᠠᠨ ᠤ ᠳᠥᠷᠪᠡᠨ ᠦᠨᠳᠦᠰᠦ︾ ᠪᠣᠯ ᠲᠥᠪᠡᠳ ᠠᠨᠠᠭᠠᠬᠤ ᠤᠬᠠᠭᠠᠨ ᠪᠣᠯᠤᠨ ᠮᠣᠩᠭᠤᠯ ᠠᠨᠠᠭᠠᠬᠤ ᠤᠬᠠᠭᠠᠨ ᠢ ᠰᠤᠷᠤᠯᠴᠠᠬᠤ ᠳᠤ ᠡᠷᠬᠡᠪᠰᠢ ᠤᠩᠰᠢᠬᠤ ᠴᠢᠬᠤᠯᠠ ᠲᠠᠢ ᠰᠣᠩᠭᠤᠳᠠᠭ ᠵᠣᠬᠢᠶᠠᠯ ᠪᠣᠯᠤᠨ᠎ᠠ᠃ ᠲᠡᠭᠦᠨ ᠳᠦ ᠡᠯᠪᠡᠭ ᠪᠠᠶᠠᠯᠢᠭ ᠠᠨᠠᠭᠠᠬᠤ ᠤᠬᠠᠭᠠᠨ ᠤ ᠰᠤᠷᠭᠠᠨ ᠬᠥᠮᠦᠵᠢᠯ ᠦᠨ ᠦᠵᠡᠯ ᠰᠠᠨᠠᠭ᠎ᠠ ᠠᠭᠤᠯᠤᠭᠳᠠᠵᠤ᠂ ᠲᠡᠭᠦᠨ ᠢ ᠰᠤᠷᠴᠤ ᠬᠡᠷᠡᠭᠯᠡᠬᠦ ᠬᠥᠮᠦᠰ ᠢ ᠥᠪᠡᠷ ᠦᠨ ᠨᠢᠭᠤᠭᠳᠠᠮᠠᠯ ᠬᠦᠴᠦᠨ ᠢᠶᠡᠷ ᠢᠶᠡᠨ ᠨᠥᠯᠦᠭᠡᠯᠡᠵᠦ᠂ ᠮᠣᠩᠭᠤᠯ ᠲᠥᠪᠡᠳ ᠠᠨᠠᠭᠠᠬᠤ ᠤᠬᠠᠭᠠᠨᠲᠠᠳ ᠢ ᠬᠥᠮᠦᠵᠢᠭᠦᠯᠬᠦ ᠳᠦ ᠴᠢᠬᠤᠯᠠ ᠦᠢᠯᠡᠳᠦᠯ ᠦᠵᠡᠭᠦᠯᠦᠭᠰᠡᠭᠡᠷ ᠢᠷᠡᠭᠰᠡᠨ ᠪᠥᠭᠡᠳ ᠣᠳᠣ ᠴᠤ ᠭᠡᠰᠡᠨ ᠠᠨᠠᠭᠠᠬᠤ ᠤᠬᠠᠭᠠᠨ ᠤ ᠰᠤᠷᠭᠠᠨ ᠬᠥᠮᠦᠵᠢᠯ ᠳᠦ ᠴᠢᠬᠤᠯᠠ ᠪᠣᠯᠬᠤ ᠵᠢᠯᠤᠭᠤᠳᠬᠤ ᠠᠴᠢ ᠬᠣᠯᠪᠤᠭᠳᠠᠯ ᠲᠠᠢ᠃