ᠵᠣᠩᠰᠢ ᠶᠢᠨ ᠲᠥᠷᠦᠯ ᠵᠦᠢᠯ ᠦᠨ ᠮᠠᠭᠠᠳᠯᠠᠯ ᠤᠨ ᠲᠤᠬᠠᠢ ᠬᠤᠷᠢᠶᠠᠩᠭᠤᠢᠯᠠᠨ ᠥᠭᠦᠯᠡᠬᠦ ᠨᠢ
ᠢᠷᠡᠯᠲᠡ: ᠪᠠᠢᠭᠠᠯᠢ ᠶ᠋ᠢᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠮᠣᠩᠭᠤᠯ ᠠᠨᠠᠭᠠᠬᠤ ᠤᠬᠠᠭ᠎ᠠ -> 201001
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/03/04
ᠦᠵᠡᠭᠰᠡᠨ ᠤᠳᠠᠭ᠎ᠠ: 20ᠤᠳᠠᠭ᠎ᠠ
ᠵᠣᠬᠢᠶᠠᠭᠴᠢ᠄ ᠰᠠᠢᠬᠠᠨᠴᠡᠴᠡᠭ᠂ ᠪᠥᠬᠡᠪᠠᠭᠠᠲᠤᠷ᠂ ᠸᠧᠢ ᠲᠠᠩ ᠬᠤᠸᠠ
ᠵᠠᠩᠭᠢᠯᠠᠭ᠎ᠠ ᠦᠭᠡ᠄ ᠵᠣᠩᠰᠢ᠂ ᠲᠥᠷᠦᠯ ᠵᠦᠢᠯ᠂ ᠰᠤᠷᠪᠤᠯᠵᠢ ᠪᠢᠴᠢᠭ᠌ ᠦᠨ ᠰᠤᠳᠤᠯᠭ᠎ᠠ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠵᠣᠩᠰᠢ ᠪᠣᠯ ᠮᠣᠩᠭᠤᠯ᠂ ᠲᠥᠪᠡᠳ ᠠᠨᠠᠭᠠᠬᠤ ᠤᠬᠠᠭᠠᠨ ᠳᠤ ᠪᠠᠢᠩᠭᠤ ᠬᠡᠷᠡᠭᠯᠡᠭᠳᠡᠵᠦ ᠪᠠᠢᠭ᠎ᠠ ᠡᠷᠦᠳᠡᠰᠦ ᠶᠢᠨ ᠵᠦᠢᠯ ᠦᠨ ᠡᠮ ᠮᠥᠨ᠃ ᠡᠷᠲᠡᠨ ᠤ ᠡᠮ ᠦᠨ ᠷᠾᠦ᠋ᠩᠪᠸ ᠳᠦ ᠵᠣᠩᠰᠢ ᠶᠢ ᠲᠠᠪᠤᠨ ᠶᠡᠬᠡ ᠲᠥᠷᠦᠯ ᠳᠦ ᠲᠥᠷᠦᠯᠵᠢᠭᠦᠯᠵᠦ ᠪᠠᠢᠭᠰᠠᠨ ᠪᠥᠭᠡᠳ ᠵᠣᠩᠰᠢ ᠶᠢᠨ ᠤᠤᠯ ᠡᠷᠦᠳᠡᠰᠦ ᠶᠢᠨ ᠲᠤᠬᠠᠢ ᠮᠠᠭᠠᠳᠯᠠᠯ ᠤᠳ ᠨᠢ ᠬᠣᠭᠤᠷᠤᠨᠳᠤ ᠪᠠᠨ ᠵᠥᠷᠢᠶ᠎ᠡ ᠲᠡᠢ᠃ ᠵᠣᠬᠢᠶᠠᠭᠴᠢ ᠪᠡᠷ ᠡᠷᠲᠡᠨ ᠤ ᠡᠮ ᠦᠨ ᠷᠾᠦ᠋ᠩᠪᠸ ᠪᠡᠷ ᠰᠦᠪᠡᠭᠴᠢ ᠪᠣᠯᠭᠠᠨ ᠣᠷᠴᠢᠨ ᠦᠶ᠎ᠡ ᠶᠢᠨ ᠵᠣᠩᠰᠢ ᠶᠢᠨ ᠲᠥᠷᠦᠯ ᠵᠦᠢᠯ ᠦᠨ ᠮᠠᠭᠠᠳᠯᠠᠯᠲᠠ ᠶᠢᠨ ᠲᠤᠬᠠᠢ ᠰᠤᠳᠤᠯᠭᠠᠨ ᠢᠶᠠᠷ ᠯᠠᠪᠯᠠᠯᠲᠠ ᠬᠢᠵᠦ᠂ ᠲᠠᠪᠤᠨ ᠵᠦᠢᠯ ᠦᠨ ᠵᠣᠩᠰᠢ ᠳᠤ ᠰᠤᠷᠪᠤᠯᠵᠢ ᠪᠢᠴᠢᠭ᠌ ᠦᠨ ᠬᠤᠷᠢᠶᠠᠩᠭᠤᠢᠯᠠᠯ ᠬᠢᠭᠰᠡᠨ ᠤ ᠬᠠᠮᠲᠤ ᠤᠤᠯ ᠡᠷᠦᠳᠡᠰᠦ ᠶᠢ ᠨᠢ ᠮᠠᠭᠠᠳᠯᠠᠪᠠ᠃