︽ᠮᠣᠩᠭᠤᠯ ᠬᠡᠯᠡᠨ ᠤ ᠬᠣᠯᠪᠤᠬᠤ ᠬᠡᠯᠪᠡᠷᠢ ᠶᠢᠨ ᠰᠤᠷᠠᠭ ᠵᠠᠩᠭᠢ ᠶᠢᠨ ᠲᠣᠯᠢ︾ ᠶᠢᠨ ᠬᠠᠮᠢᠶᠠᠷᠤᠯᠲᠠ ᠶᠢᠨ ᠫᠷᠣᠭ᠍ᠷᠠᠮ
ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠨᠡᠢᠭᠡᠮ ᠦ᠋ᠨ ᠰᠢᠨᠵᠢᠯᠡᠬᠦ -> 201103
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/03/01
ᠦᠵᠡᠭᠰᠡᠨ ᠤᠳᠠᠭ᠎ᠠ: 6ᠤᠳᠠᠭ᠎ᠠ
ᠵᠣᠬᠢᠶᠠᠭᠴᠢ᠄ ᠯᠢᠨ ᠪᠠ ᠭᠸ᠌᠂ ᠮᠥᠩᠬᠡᠳᠡᠯᠭᠡᠷ
ᠵᠠᠩᠭᠢᠯᠠᠭ᠎ᠠ ᠦᠭᠡ᠄ ᠮᠣᠩᠭᠤᠯ ᠬᠡᠯᠡᠨ ᠤ ᠬᠣᠯᠪᠤᠬᠤ ᠬᠡᠯᠪᠡᠷᠢ᠂ ᠰᠤᠷᠠᠭ ᠵᠠᠩᠭᠢ ᠶᠢᠨ ᠲᠣᠯᠢ᠂ ᠬᠠᠮᠢᠶᠠᠷᠤᠯᠲᠠ ᠶᠢᠨ ᠫᠷᠣᠭ᠍ᠷᠠᠮ᠂ ᠬᠡᠷᠡᠭᠯᠡᠯᠲᠡ
ᠰᠠᠭᠤᠷᠢ ᠮᠥᠩᠭᠦᠨ ᠤ᠋ ᠳᠡᠮᠵᠢᠯᠭᠡ᠄ ᠲᠤᠰ ᠥᠭᠦᠯᠡᠯ ᠪᠣᠯ ᠥᠪᠦᠷ ᠮᠣᠩᠭᠤᠯ ᠤᠨ ᠦᠨᠳᠦᠰᠦᠲᠡᠨ ᠤ ᠶᠡᠬᠡ ᠰᠤᠷᠭᠠᠭᠤᠯᠢ ᠶᠢᠨ ᠳ᠋ᠣᠺᠲ᠋ᠣᠷ ᠤᠨ ᠡᠷᠳᠡᠮ ᠰᠢᠨᠵᠢᠯᠡᠭᠡᠨ ᠤ ᠰᠠᠭᠤᠷᠢ ᠮᠥᠩᠭᠦᠨ ᠤ ᠲᠥᠰᠦᠯ︵BS252︶ ᠦᠨ ᠱᠠᠲᠤᠴᠢ ᠴᠢᠨᠠᠷ ᠲᠠᠢ ᠪᠦᠲᠦᠭᠡᠯ ᠪᠣᠯᠤᠨ᠎ᠠ᠃
ᠠᠭᠤᠯᠭ᠎ᠠ ᠶ᠋ᠢᠨ ᠲᠣᠪᠴᠢ᠄ ︽ᠮᠣᠩᠭᠤᠯ ᠬᠡᠯᠡᠨ ᠤ ᠬᠣᠯᠪᠤᠬᠤ ᠬᠡᠯᠪᠡᠷᠢ ᠶᠢᠨ ᠰᠤᠷᠠᠭ ᠵᠠᠩᠭᠢ ᠶᠢᠨ ᠲᠣᠯᠢ︾ ᠪᠣᠯ︽ ᠮᠣᠩᠭᠤᠯ ᠬᠡᠯᠡᠨ ᠤ ᠬᠣᠯᠪᠤᠬᠤ ᠬᠡᠯᠪᠡᠷᠢ ᠶᠢᠨ ᠮᠡᠳᠡᠯᠭᠡ ᠶᠢᠨ ᠰᠠᠩ︾ ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠲᠡᠷᠡ ᠨᠢ ᠮᠣᠩᠭᠤᠯ ᠬᠡᠯᠡᠨ ᠤ ᠠᠦ᠋ᠲ᠋ᠣ᠋ ᠵᠠᠳᠠᠯᠤᠯᠲᠠ ᠪᠠ ᠠᠦ᠋ᠲ᠋ᠣ᠋ ᠡᠭᠦᠰᠭᠡᠯᠲᠡ ᠳᠦ ᠵᠣᠷᠢᠭᠤᠯᠤᠭᠰᠠᠨ ᠡᠯᠧᠺᠲ᠋ᠷᠣᠨ ᠲᠤᠤᠯᠢ ᠶᠤᠮ᠃ ᠲᠤᠰ ᠥᠭᠦᠯᠡᠯ ᠳᠦ︽ ᠮᠣᠩᠭᠤᠯ ᠬᠡᠯᠡᠨ ᠤ ᠬᠣᠯᠪᠤᠬᠤ ᠬᠡᠯᠪᠡᠷᠢ ᠶᠢᠨ ᠰᠤᠷᠠᠭ ᠵᠠᠩᠭᠢ ᠶᠢᠨ ᠲᠣᠯᠢ︾ ᠶᠢᠨ ᠬᠠᠮᠢᠶᠠᠷᠤᠯᠲᠠ ᠶᠢᠨ ᠫᠷᠣᠭ᠍ᠷᠠᠮ ᠦᠨ ᠪᠦᠲᠦᠴᠡ᠂ ᠴᠢᠳᠠᠮᠵᠢ ᠵᠢᠴᠢ ᠲᠡᠭᠦᠨ ᠤ ᠬᠡᠷᠡᠭᠯᠡᠯᠲᠡ ᠵᠡᠷᠭᠡ ᠶᠢ ᠲᠠᠨᠢᠯᠴᠠᠭᠤᠯᠤᠭᠰᠠᠨ ᠪᠠᠢᠨ᠎ᠠ᠃