ᠮᠣᠩᠭᠤᠯ ᠠᠨᠠᠭᠠᠬᠤ ᠤᠬᠠᠭᠠᠨ ᠤ ᠲᠥᠭᠡᠨᠡᠬᠦ ᠵᠠᠰᠠᠯ ᠤᠨ ᠥᠲᠡᠯᠬᠦ ᠶᠢ ᠰᠠᠭᠠᠲᠠᠭᠠᠬᠤ ᠦᠢᠯᠡᠳᠦᠯᠲᠦ ᠲᠠᠩ ᠪᠠᠯᠴᠢᠷ ᠤᠨ ᠰᠢᠭᠰᠢᠯᠲᠡ ᠶᠢᠨ ᠰᠤᠳᠤᠯᠭ᠎ᠠ ᠵᠢᠴᠢ ᠲᠡᠭᠦᠨ ᠤ ᠤᠯᠠᠮᠵᠢᠯᠠᠯᠲᠤ ᠵᠠᠰᠠᠯ ᠤᠨ ᠵᠢᠭᠠᠨ ᠰᠤᠷᠭᠠᠯᠲᠠ ᠳᠤ ᠬᠢ ᠠᠴᠢ ᠬᠣᠯᠪᠤᠭᠳᠠᠯ
ᠢᠷᠡᠯᠲᠡ: ᠪᠠᠢᠭᠠᠯᠢ ᠶ᠋ᠢᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠪᠠᠢᠭᠠᠯᠢ ᠶ᠋ᠢᠨ ᠰᠢᠨᠵᠢᠯᠡ -> 201002
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/03/04
ᠦᠵᠡᠭᠰᠡᠨ ᠤᠳᠠᠭ᠎ᠠ: 1ᠤᠳᠠᠭ᠎ᠠ
ᠵᠣᠬᠢᠶᠠᠭᠴᠢ᠄ ᠰᠡᠴᠡᠨᠲᠦ᠂ ᠦᠷᠦᠨᠲᠤᠶᠠᠭ᠎ᠠ᠂ ᠪ· ᠠᠭᠤᠯᠠ ᠨᠠᠷ
ᠵᠠᠩᠭᠢᠯᠠᠭ᠎ᠠ ᠦᠭᠡ᠄ ᠲᠥᠭᠡᠨᠡᠬᠦ ᠵᠠᠰᠠᠯ᠂ ᠥᠲᠡᠯᠬᠦ ᠶᠢ ᠰᠠᠭᠠᠲᠠᠭᠠᠬᠤ ᠦᠢᠯᠡᠳᠦᠯᠲᠦ ᠲᠠᠩ ᠪᠠᠯᠴᠢᠷ᠂ ᠰᠢᠭᠰᠢᠯᠲᠡ ᠶᠢᠨ ᠰᠤᠳᠤᠯᠭ᠎ᠠ᠂ ᠵᠢᠭᠠᠨ ᠰᠤᠷᠭᠠᠯᠲᠠ
ᠰᠠᠭᠤᠷᠢ ᠮᠥᠩᠭᠦᠨ ᠤ᠋ ᠳᠡᠮᠵᠢᠯᠭᠡ᠄ ᠡᠨᠡ ᠪᠣᠯ ᠲᠥᠷᠦ ᠶᠢᠨ ᠪᠠᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠲᠡᠳᠭᠦᠮᠵᠢ ᠶᠢ ᠬᠦᠷᠲᠡᠭᠰᠡᠨ ᠰᠤᠳᠤᠯᠭᠠᠨ ᠤ ᠰᠡᠳᠦᠪ︵30760323︶ ᠦᠨ ᠨᠢᠭᠡ ᠬᠡᠰᠡᠭ ᠨᠢ ᠪᠣᠯᠤᠨ᠎ᠠ᠃
ᠠᠭᠤᠯᠭ᠎ᠠ ᠶ᠋ᠢᠨ ᠲᠣᠪᠴᠢ᠄ ᠴᠢᠰᠤᠨ ᠴᠠᠢᠪᠠᠩ ᠳᠤ ᠬᠢ ᠬᠡᠲᠦ ᠢᠰᠦᠯ ᠦᠨ ᠰᠤᠯᠵᠢᠷᠠᠬᠤ ᠢᠰᠭᠡᠭᠦᠷ︵SOD︶᠂ ᠫᠷᠥᠫᠸᠯ ᠬᠣᠶᠠᠷᠴᠢ ᠠᠯᠳ᠋ᠸᠭᠢᠳ᠋︵CAT︶ ᠵᠡᠷᠭᠡ ᠪᠡᠷ ᠪᠤᠰᠤᠳᠴᠢ ᠣᠷᠤᠨ ᠲᠣᠭ᠎ᠠ ᠪᠣᠯᠭᠠᠵᠤ᠂ ᠮᠣᠩᠭᠤᠯ ᠠᠨᠠᠭᠠᠬᠤ ᠤᠬᠠᠭᠠᠨ ᠤ ᠰᠤᠷᠪᠤᠯᠵᠢ ᠪᠢᠴᠢᠭ᠌ ᠲᠦ ᠬᠢ ᠥᠲᠡᠯᠬᠦ ᠶᠢ ᠰᠠᠭᠠᠲᠠᠭᠠᠬᠤ ᠦᠢᠯᠡᠳᠦᠯ ᠪᠦᠬᠦᠢ ᠣᠷᠤᠢ ᠶᠢᠨ ᠪᠠᠯᠴᠢᠷ᠂ ᠬᠣᠳᠤᠭᠤᠳᠤᠨ ᠪᠠᠯᠴᠢᠷ᠂ ᠭᠠᠯ ᠤᠨ ᠢᠯᠴᠢ ᠪᠠᠭᠤᠷᠠᠭᠰᠠᠨ ᠪᠠᠯᠴᠢᠷ᠂ ᠪᠥᠭᠡᠷᠡᠨ ᠪᠠᠯᠴᠢᠷ ᠵᠡᠷᠭᠡ ᠲᠠᠩ ᠪᠠᠯᠴᠢᠷ ᠢ ᠰᠢᠭᠰᠢᠬᠦ ᠲᠤᠷᠰᠢᠯᠲᠠ ᠬᠢᠪᠡ᠃ ᠡᠭᠦᠨ ᠢᠶᠡᠷ ᠳᠠᠮᠵᠢᠭᠤᠯᠤᠨ ᠲᠡᠳᠡᠭᠡᠷ ᠪᠠᠯᠴᠢᠷ ᠤᠨ ᠬᠥᠮᠦᠨ ᠤ ᠪᠡᠶ᠎ᠡ ᠶᠢᠨ ᠢᠰᠦᠯᠳᠦᠬᠦ ᠶᠢ ᠡᠰᠡᠷᠭᠦᠴᠡᠬᠦ ᠦᠢᠯᠡᠳᠦᠯ ᠢ ᠨᠢ ᠨᠣᠳᠠᠯᠠᠭᠰᠠᠨ ᠤ ᠬᠠᠮᠲᠤ᠂ ᠡᠨᠡ ᠬᠦ ᠰᠤᠳᠤᠯᠭ᠎ᠠ ᠨᠢ ᠲᠥᠭᠡᠨᠡᠬᠦ ᠵᠠᠰᠠᠯ ᠤᠨ ᠥᠲᠡᠯᠬᠦ ᠶᠢ ᠰᠠᠭᠠᠲᠠᠭᠠᠬᠤ ᠣᠯᠠᠨ ᠪᠠᠯᠴᠢᠷ ᠤᠨ ᠲᠣᠬᠢᠷᠠᠯᠴᠠᠭᠠᠨ ᠤ ᠵᠢᠮ᠎ᠡ ᠶᠣᠰᠤ ᠶᠢ ᠬᠠᠢᠬᠤ ᠳᠤ ᠴᠢᠬᠤᠯᠠ ᠠᠴᠢ ᠬᠣᠯᠪᠤᠭᠳᠠᠯ ᠪᠦᠬᠦᠢ ᠪᠤᠰᠤᠳᠴᠢ ᠪᠠᠷᠢᠮᠲᠠ ᠶᠢ ᠬᠠᠩᠭᠠᠵᠤ᠂ ᠮᠥᠨ ᠵᠢᠭᠠᠨ ᠰᠤᠷᠭᠠᠯᠲᠠ ᠶᠢ ᠪᠠᠶᠠᠯᠢᠭᠵᠢᠭᠤᠯᠤᠨ ᠠᠬᠢᠭᠤᠯᠬᠤ ᠳᠤ ᠴᠢᠬᠤᠯᠠ ᠦᠢᠯᠡᠳᠦᠯ ᠲᠡᠢ ᠪᠠᠢᠬᠤ ᠶᠢ ᠥᠭᠦᠯᠡᠭᠰᠡᠨ ᠪᠠᠢᠨ᠎ᠠ᠃