ᠵᠣᠬᠢᠶᠠᠭᠴᠢ ᠶᠢᠨ ᠲᠣᠪᠴᠢ ᠲᠠᠨᠢᠯᠴᠠᠭᠤᠯᠭ᠎ᠠ

ᠨᠡᠷ᠎ᠡ:

ᠴ᠊ ᠣᠯᠵᠠᠪᠠᠢ

ᠴᠢᠨᠠᠷ ᠤᠨ ᠢᠯᠭᠠᠯ:

ᠨᠢᠭᠤᠴᠠ

ᠬᠠᠷᠢᠯᠴᠠᠬᠤ ᠬᠡᠯᠪᠡᠷᠢ:

ᠵᠣᠬᠢᠶᠠᠭᠴᠢ ᠶᠢᠨ ᠲᠠᠨᠢᠯᠴᠠᠭᠤᠯᠭ᠎ᠠ:

ᠴ᠊ ᠣᠯᠵᠠᠪᠠᠢ ︵ 1924—— ︶ ᠪᠦᠭᠦᠳᠡ ᠨᠠᠢᠷᠠᠮᠳᠠᠬᠤ ᠮᠣᠩᠭᠤᠯ ᠠᠷᠠᠳ ᠤᠯᠤᠰ ᠤᠨ ᠪᠠᠭᠠᠲᠤᠷ᠃ 1937 ᠣᠨ ᠳᠤ ᠪᠦᠭᠦᠳᠡ ᠨᠠᠢᠷᠠᠮᠳᠠᠬᠤ ᠮᠣᠩᠭᠤᠯ ᠠᠷᠠᠳ ᠤᠯᠤᠰ ᠤᠨ ᠮᠣᠩᠭᠤᠯ ᠠᠷᠠᠳ ᠤᠨ ᠬᠤᠪᠢᠰᠭᠠᠯᠲᠤ ᠴᠡᠷᠢᠭ ᠲᠦ ᠣᠷᠤᠵᠤ᠂ ᠲᠠᠩᠰᠤᠭᠪᠤᠯᠠᠭ ᠤᠨ ᠮᠣᠷᠢᠲᠤ ᠴᠡᠷᠢᠭ ᠦᠨ 6 ᠳ᠋ᠤᠭᠠᠷ ᠳ᠋ᠢᠸᠢᠽᠢ ᠶᠢᠨ 17 ᠳ᠋ᠤᠭᠠᠷ ᠬᠣᠷᠢᠶ᠎ᠠ ᠳᠤ ᠬᠥᠩᠭᠡᠨ ᠫᠦᠯᠧᠮᠶᠣᠲ ᠤᠨ ᠬᠠᠷᠪᠤᠭᠴᠢ ᠪᠠᠢᠵᠠᠢ᠃ 1939 ᠣᠨ ᠤ ᠨᠣᠮᠤᠬᠠᠨ ᠤ᠋ ᠲᠡᠢᠨ ᠦ ᠬᠠᠯᠬ᠎ᠠ ᠭᠣᠣᠯ ᠤᠨ ᠲᠤᠯᠤᠯᠳᠤᠭᠠᠨ ᠳᠤᠮᠳᠠ ᠲᠡᠷᠡ ᠡᠷᠡᠯᠬᠡᠭ ᠪᠠᠭᠠᠲᠤᠷᠯᠢᠭ ᠢᠶᠠᠷ ᠦᠷᠭᠦᠯᠵᠢᠯᠡᠨ ᠪᠠᠢᠯᠳᠤᠵᠤ ᠳᠡᠭᠡᠳᠦ ᠱᠠᠳᠤᠨ ᠠ᠋ᠴᠠ ᠳᠠᠭᠠᠭᠠᠯᠭᠠᠭᠰᠠᠨ ᠳᠠᠢᠰᠤᠨ ᠢ ᠬᠣᠷᠢᠭᠯᠠᠨ ᠴᠣᠬᠢᠬᠤ ᠣᠯᠠᠨ ᠵᠦᠢᠯ ᠦᠨ ᠡᠭᠦᠷᠭᠡ ᠶᠢ ᠠᠮᠵᠢᠯᠲᠠ ᠲᠡᠭᠦᠯᠳᠡᠷ ᠪᠡᠶᠡᠯᠡᠭᠦᠯᠪᠡ᠃ ᠡᠢᠮᠦ ᠤᠴᠢᠷ ᠠᠴᠠ ᠪᠦᠭᠦᠳᠡ ᠨᠠᠢᠷᠠᠮᠳᠠᠬᠤ ᠮᠣᠩᠭᠤᠯ ᠠᠷᠠᠳ ᠤᠯᠤᠰ ᠤᠨ ᠪᠠᠭ᠎ᠠ ᠬᠤᠷᠠᠯ ᠤᠨ ᠲᠡᠷᠢᠭᠦᠯᠡᠭᠴᠢᠳ ᠦᠨ ᠪᠦᠯᠬᠦᠮ ᠡᠴᠡ 1939 ᠣᠨ ᠤ 11 ᠰᠠᠷ᠎ᠠ ᠶᠢᠨ 21 ᠤ ᠡᠳᠦᠷ ᠰᠢᠢᠳᠪᠦᠷᠢ ᠭᠠᠷᠭᠠᠵᠤ ︵71 ᠳ᠋ᠤᠭᠠᠷ ᠨᠣᠮᠧᠷᠲᠤ ︶ᠴ᠊. ᠣᠯᠵᠠᠪᠠᠢ ᠳᠤ ᠪᠦᠭᠦᠳᠡ ᠨᠠᠢᠷᠠᠮᠳᠠᠬᠤ ᠮᠣᠩᠭᠤᠯ ᠠᠷᠠᠳ ᠤᠯᠤᠰ ᠤᠨ ᠪᠠᠭᠠᠲᠤᠷ ᠴᠣᠯᠠ ᠣᠯᠭᠤᠵᠤ᠂ ᠤᠯᠠᠭᠠᠨ ᠲᠤᠭ ᠤᠨ ᠣᠳᠤᠨ ᠮᠧᠳᠠᠯ ᠠᠴᠠ ᠭᠠᠷᠳᠠᠭᠤᠯᠵᠠᠢ᠃