ᠳᠡᠭᠡᠳᠦ ᠮᠣᠩᠭᠤᠯᠴᠤᠳ ᠤᠨ ᠴᠡᠭᠡᠷ ᠶᠣᠰᠤᠨ ᠬᠢᠭᠡᠳ ᠨᠡᠢᠭᠡᠮ ᠦᠨ ᠵᠠᠩ ᠰᠤᠷᠲᠠᠬᠤᠨ ᠤ ᠬᠥᠮᠦᠵᠢᠯ ᠦᠨ ᠲᠤᠬᠠᠢ ᠰᠢᠨᠵᠢᠬᠦ ᠨᠢ
ᠢᠷᠡᠯᠲᠡ: ᠶᠡᠷᠦᠩᠬᠡᠢᠯᠡᠭᠰᠡᠨ ᠲᠥᠷᠦᠯ ᠦ᠋ᠨ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠳᠡᠭᠡᠳᠦ ᠮᠣᠩᠭᠤᠯ -> 201301
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/04/02
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠴᠥᠨ᠍ ᠬᠤᠸᠠ
ᠵᠠᠩᠭᠢᠯᠠᠭ᠎ᠠ ᠦᠭᠡ᠄ (ᠦᠭᠡᠢ)
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠳᠡᠭᠡᠳᠦ ᠮᠣᠩᠭᠤᠯᠴᠤᠳ ᠠᠮᠢᠳᠤᠷᠠᠯ ᠦᠢᠯᠡᠳᠦᠯᠭᠡ ᠳᠤᠮᠳᠠ ᠪᠠᠨ ᠴᠡᠭᠡᠷ ᠶᠣᠰᠤᠨ ᠢ ᠶᠡᠬᠡᠳᠡ ᠴᠢᠬᠤᠯᠠᠴᠢᠯᠠᠨ ᠦᠷ᠎ᠡ ᠬᠣᠢᠴᠢᠰ ᠢᠶᠠᠨ ᠰᠤᠷᠭᠠᠨ ᠬᠥᠮᠦᠵᠢᠭᠦᠯᠬᠦ ᠤᠷ᠎ᠠ ᠮᠡᠷᠭᠡᠵᠢᠯ ᠢᠶᠡᠨ ᠪᠣᠯᠭᠠᠵᠤ ᠣᠯᠠᠨ ᠵᠦᠢᠯ ᠦᠨ ᠪᠣᠯᠪᠠᠰᠤᠨ ᠰᠣᠶᠤᠯ ᠢ ᠡᠭᠦᠳᠦᠨ ᠨᠡᠭᠡᠭᠡᠵᠡᠢ᠃ ᠨᠢᠭᠡᠳᠦᠭᠡᠷ ᠲᠦ᠂ ᠶᠣᠰᠤ ᠮᠤᠷᠠᠯ ᠰᠤᠷᠭᠠᠨ ᠬᠥᠮᠦᠵᠢᠯ ᠲᠡᠢ ᠬᠣᠯᠪᠤᠭᠳᠠᠭᠰᠠᠨ ᠴᠡᠭᠡᠷ᠂ ᠡᠭᠦᠨ ᠳᠦ ᠦᠢᠯᠡ ᠬᠥᠳᠡᠯᠦᠯ ᠦᠨ ᠴᠡᠭᠡᠷ ᠪᠠ ᠦᠭᠡ ᠬᠡᠯᠡᠨ ᠤ ᠴᠡᠭᠡᠷ ᠭᠡᠵᠦ ᠬᠣᠶᠠᠷ ᠪᠠᠭ᠎ᠠ ᠬᠡᠰᠡᠭ ᠲᠦ ᠬᠤᠪᠢᠶᠠᠨ ᠶᠠᠷᠢᠪᠠ᠃ ᠬᠣᠶᠠᠳᠤᠭᠠᠷ ᠲᠤ᠂ ᠡᠷᠡᠭᠦᠯ ᠮᠡᠨᠳᠦ ᠲᠡᠢ ᠬᠣᠯᠪᠤᠭᠳᠠᠭᠰᠠᠨ ᠴᠡᠭᠡᠷ᠂ ᠡᠭᠦᠨ ᠳᠦ ᠡᠪᠡᠳᠴᠢᠨ ᠲᠠᠬᠤᠯ ᠢ ᠰᠡᠷᠭᠡᠢᠯᠡᠬᠦ ᠴᠡᠭᠡᠷ ᠪᠠ ᠠᠷᠢᠭᠤᠨ ᠴᠡᠪᠡᠷ ᠢ ᠡᠷᠬᠢᠮᠯᠡᠬᠦ ᠴᠡᠭᠡᠷ ᠭᠡᠵᠦ ᠬᠣᠶᠠᠷ ᠬᠡᠰᠡᠭ ᠲᠦ ᠬᠤᠪᠢᠶᠠᠨ᠎ᠠ᠃ ᠭᠤᠷᠪᠠᠳᠤᠭᠠᠷ ᠲᠤ᠂ ᠡᠬᠡ ᠪᠠᠢᠭᠠᠯᠢ᠂ ᠠᠮᠢᠲᠠᠨ ᠤᠷᠭᠤᠮᠠᠯ ᠲᠠᠢ ᠬᠣᠯᠪᠤᠭᠳᠠᠭᠰᠠᠨ ᠴᠡᠭᠡᠷ᠃ ᠡᠭᠦᠨ ᠳᠦ ᠡᠪᠡᠰᠦ ᠤᠷᠭᠤᠮᠠᠯ ᠭᠠᠵᠠᠷ ᠤᠰᠤᠨ ᠤ ᠴᠡᠭᠡᠷ ᠪᠠ ᠠᠷᠢᠶᠠᠲᠠᠨ ᠠᠮᠢᠲᠠᠨ ᠤ ᠴᠡᠭᠡᠷ ᠭᠡᠵᠦ ᠬᠤᠪᠢᠶᠠᠨ ᠶᠠᠷᠢᠨ᠎ᠠ᠃