ᠬᠤᠭᠤᠴᠠᠭᠠᠲᠦ ᠰᠡᠳᠭᠦᠯ
>
ᠥᠪᠦᠷ ᠮᠣᠩᠭᠤᠯ ᠤ᠋ᠨ ᠮᠠᠯ ᠠᠵᠤ ᠠᠬᠤᠢ
>
ᠰᠢᠨᠵᠢᠶᠠᠩ ᠤ᠋ᠨ ᠮᠠᠯ ᠠᠵᠤ ᠠᠬᠤᠢ
>
ᠰᠢᠨᠵᠢᠯᠡᠬᠦ ᠤᠬᠠᠭᠠᠨ ᠠᠮᠢᠳᠤᠷᠠᠯ
>
ᠥᠪᠦᠷ ᠮᠣᠩᠭᠤᠯ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ
>
ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠪᠠᠢᠭᠠᠯᠢ ᠶ᠋ᠢᠨ ᠰᠢᠨᠵᠢᠯᠡ
>
ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠮᠣᠩᠭᠤᠯ ᠠᠨᠠᠭᠠᠬᠤ ᠤᠬᠠᠭᠠ
>
ᠮᠣᠩᠭᠤᠯ ᠠᠳᠤᠭᠤ
>
ᠥᠪᠦᠷ ᠮᠣᠩᠭᠤᠯ ᠤ᠋ᠨ ᠮᠠᠯ ᠠᠵᠤ ᠠᠬᠤᠢ ᠵᠢᠨ ᠰᠢᠨᠵᠢᠯᠡᠬᠦ ᠤᠬᠠᠭᠠᠨ
>
ᠥᠪᠦᠷ ᠮᠣᠩᠭᠤᠯ ᠤ᠋ᠨ ᠮᠠᠯ ᠡᠮᠨᠡᠯᠭᠡ
>
ᠲᠣᠭᠠᠨ ᠤ᠋ ᠤᠬᠠᠭᠠᠨ ᠤ᠋ ᠭᠠᠷ ᠪᠢᠴᠢᠮᠡᠯ
>
ᠥᠪᠦᠷ ᠮᠣᠩᠭᠤᠯ ᠤ᠋ᠨ ᠦᠨᠳᠦᠰᠦᠲᠡᠨ ᠦ᠌ ᠡᠮᠨᠡᠯᠭᠡ ᠶ᠋ᠢᠨ ᠳᠡᠭᠡᠳᠦ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ

ᠪ ᠪᠤᠶᠠᠨᠴᠢᠭᠤᠯᠭᠠᠨ ᠤ᠋ ᠨᠠᠮᠲᠠᠷ ᠪᠠ ᠡᠷᠳᠡᠮ ᠰᠤᠳᠤᠯᠤᠯ ᠤ᠋ᠨ ᠦᠢᠯᠡ ᠠᠵᠢᠯᠯᠠᠭ᠎ᠠ

ᠢᠷᠡᠯᠲᠡ: ᠪᠠᠢᠭᠠᠯᠢ ᠶ᠋ᠢᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠰᠢᠨᠵᠢᠯᠡᠬᠦ ᠤᠬᠠᠭᠠᠨ -> 201703
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/08/31
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ﹇ ᠮᠣᠩᠭᠤᠯ﹈ ᠵ ᠭᠡᠷᠡᠯᠪᠠᠳᠠᠷᠠᠬᠤ
ᠵᠠᠩᠭᠢᠯᠠᠭ᠎ᠠ ᠦᠭᠡ᠄ ᠪ ᠪᠤᠶᠠᠨᠴᠢᠭᠤᠯᠭᠠᠨ︔ ᠴᠡᠷᠢᠭ ᠦ᠋ᠨ ᠳᠠᠷᠤᠭ᠎ᠠ︔ ᠲᠦᠰᠢᠮᠡᠯ︔ ᠣᠷᠤᠯᠠᠭᠴᠢ ᠰᠠᠢᠳ︔ ᠡᠯᠴᠢᠨ ᠰᠠᠢᠳ︔ ᠲᠡᠦᠬᠡᠴᠢ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠪᠦᠷᠳᠡ ᠶ᠋ᠢᠨ ᠪᠤᠶᠠᠨᠴᠢᠭᠤᠯᠭᠠᠨ ᠪᠣᠯ ᠮᠣᠩᠭᠤᠯ ᠲᠥᠷᠦ ᠶ᠋ᠢᠨ ᠭᠠᠳᠠᠭᠠᠳᠤ ᠬᠠᠷᠢᠯᠴᠠᠭ᠎ᠠ᠂ ᠨᠢᠭᠤᠴᠠ ᠠᠯᠪᠠ᠂ ᠪᠠᠲᠤᠯᠠᠨ ᠬᠠᠮᠠᠭᠠᠯᠠᠬᠤ᠂ ᠴᠡᠷᠢᠭ ᠦ᠋ᠨ ᠬᠥᠭᠵᠢᠯ ᠳ᠋ᠤ᠌ ᠶᠡᠬᠡ ᠬᠤᠪᠢ ᠨᠡᠮᠡᠷᠢ ᠣᠷᠤᠭᠤᠯᠤᠭᠰᠠᠨ ᠬᠥᠮᠦᠨ ᠶᠤᠮ᠃ ᠲᠡᠷᠡ ᠪᠡᠷ1885 ᠣᠨ ᠳ᠋ᠤ᠌ ᠥᠪᠦᠷ ᠮᠣᠩᠭᠤᠯ ᠤ᠋ᠨ ᠴᠠᠬᠠᠷ ᠴᠢᠭᠤᠯᠭᠠᠨ ᠤ᠋ ᠰᠢᠯᠤᠭᠤᠨ ᠰᠢᠷ᠎ᠠ ᠬᠣᠰᠢᠭᠤᠨ ᠳ᠋ᠤ᠌ ᠲᠥᠷᠦᠵᠡᠢ᠃ ᠠᠩᠬᠠᠯᠠᠨ ᠮᠠᠨᠵᠤ ᠴᠢᠩ ᠤᠯᠤᠰ ᠤ᠋ᠨ ᠲᠥᠷᠦ ᠳ᠋ᠤ᠌ ᠠᠵᠢᠯᠯᠠᠵᠤ ᠪᠠᠢᠭᠠᠳ1911 ᠣᠨ ᠤ᠋ ᠮᠣᠩᠭᠤᠯ ᠤ᠋ᠨ ᠦᠨᠳᠦᠰᠦᠨ ᠤ᠋ ᠬᠤᠪᠢᠰᠭᠠᠯ ᠤ᠋ᠨ ᠳᠠᠷᠠᠭ᠎ᠠ ᠠᠷᠤ ᠮᠣᠩᠭᠤᠯ ᠳ᠋ᠤ᠌ ᠦᠶᠡᠯᠢ ᠠᠬ᠎ᠠ ᠶ᠋ᠢᠨ ᠬᠠᠮᠲᠤ ᠢᠷᠡᠵᠡᠢ᠃ ᠲᠡᠷᠡ ᠮᠣᠩᠭᠤᠯ ᠤᠯᠤᠰ ᠤ᠋ᠨ ᠳᠣᠲᠤᠭᠠᠳᠤ ᠶᠠᠮᠤᠨ ᠤ᠋ ᠪᠢᠴᠢᠭᠡᠴᠢ᠂ ᠣᠷᠴᠢᠭᠤᠯᠤᠭᠴᠢ᠂ ᠲᠦᠰᠢᠮᠡᠯ᠂ ᠫᠠᠷᠯᠠᠮᠧᠨ᠋ᠲ︱ ᠤᠯᠤᠰ ᠤ᠋ᠨ ᠳᠣᠣᠷᠠᠳᠤ ᠬᠤᠷᠠᠯ ᠤ᠋ᠨ ᠭᠡᠰᠢᠭᠦᠨ ᠤ᠋ ᠠᠯᠪᠠ ᠬᠠᠰᠢᠵᠤ ᠪᠠᠢᠪᠠ᠃1921 ᠣᠨ ᠠ᠋ᠴᠠ ᠴᠡᠷᠢᠭ ᠦ᠋ᠨ ᠶᠠᠮᠤᠨ ᠳ᠋ᠤ᠌ ᠠᠵᠢᠯᠯᠠᠵᠤ ᠪᠠᠢᠭᠠᠳ ᠭᠠᠳᠠᠭᠠᠳᠤ ᠬᠠᠷᠢᠯᠴᠠᠭᠠᠨ ᠤ᠋ ᠶᠠᠮᠤᠨ ᠤ᠋ ᠳᠡᠳ᠋ ᠰᠠᠢᠳ᠂ ᠵᠥᠪᠯᠡᠯ ᠦ᠋ᠨ ᠵᠠᠰᠠᠭᠲᠤ ᠪᠦᠭᠦᠳᠡ ᠨᠠᠢᠷᠠᠮᠳᠠᠬᠤ ᠬᠣᠯᠪᠤᠭᠠᠲᠤ ᠤᠯᠤᠰ ᠲᠤ᠌ ᠰᠠᠭᠤᠭ᠎ᠠ ᠮᠣᠩᠭᠤᠯ ᠤ᠋ᠨ ᠡᠯᠴᠢᠨ ᠰᠠᠢᠳ᠃ ᠪᠦᠭᠦᠳᠡ ᠨᠠᠢᠷᠠᠮᠳᠠᠬᠤ ᠮᠣᠩᠭᠤᠯ ᠠᠷᠠᠳ ᠤᠯᠤᠰ ᠤ᠋ᠨ ᠫᠠᠷᠯᠠᠮᠧᠨ᠋ᠲ︱ ᠤᠯᠤᠰ ᠤ᠋ᠨ ᠪᠠᠭ᠎ᠠ ᠬᠤᠷᠠᠯ ᠤ᠋ᠨ ᠭᠡᠰᠢᠭᠦᠨ ᠢ᠋ᠶ᠋ᠡᠷ ᠠᠵᠢᠯᠯᠠᠵᠠᠢ᠃ ᠮᠥᠨ ᠪ ᠪᠤᠶᠠᠨᠴᠢᠭᠤᠯᠭᠠᠨ ᠲᠤᠬᠠᠢ ᠶ᠋ᠢᠨ ᠦᠶ᠎ᠡ ᠶ᠋ᠢᠨ ᠢ᠋ᠶ᠋ᠡᠨ ᠰᠢᠯᠢᠳᠡᠭ ᠲᠡᠦᠬᠡᠴᠢᠳ ᠦ᠋ᠨ ᠨᠢᠭᠡ ᠪᠠᠢᠭᠰᠠᠨ ᠬᠢᠭᠡᠳ ᠮᠣᠩᠭᠤᠯ ᠤᠯᠤᠰ ᠤ᠋ᠨ ᠰᠤᠳᠤᠷ ᠪᠢᠴᠢᠭ ᠦ᠋ᠨ ᠬᠦᠷᠢᠶᠡᠯᠡᠩ︵ ᠣᠳᠣ ᠶ᠋ᠢᠨ ᠰᠢᠨᠵᠢᠯᠡᠬᠦ ᠤᠬᠠᠭᠠᠨ ᠤ᠋ ᠠᠺᠠᠳᠧᠮᠢ︶ ᠶ᠋ᠢᠨ ᠭᠡᠰᠢᠭᠦᠨ ᠪᠠᠢᠪᠠ᠃ ᠲᠡᠷᠡ ᠪᠡᠷ︽ ᠳᠥᠷᠪᠡᠨ ᠣᠢᠷᠠᠳ ᠤ᠋ᠨ ᠲᠡᠦᠬᠡ︾᠂︽ ᠮᠣᠩᠭᠤᠯ ᠲᠠᠷᠢᠶᠠᠯᠠᠩ ᠤ᠋ᠨ ᠲᠡᠦᠬᠡ︾ ᠵᠡᠷᠭᠡ ᠮᠣᠩᠭᠤᠯ ᠤ᠋ᠨ ᠲᠡᠦᠬᠡ ᠶ᠋ᠢᠨ ᠬᠡᠳᠦᠨ ᠴᠢᠬᠤᠯᠠ ᠨᠣᠮ ᠪᠢᠴᠢᠭᠰᠡᠨ ᠤ᠋ ᠣᠯᠠᠩᠬᠢ ᠨᠢ ᠬᠡᠪᠯᠡᠭᠳᠡᠵᠡᠢ᠃ ᠲᠡᠷᠡ1937 ᠣᠨ ᠳ᠋ᠤ᠌ ᠤᠯᠤᠰ ᠲᠥᠷᠦ ᠶ᠋ᠢᠨ ᠬᠢᠯᠢᠰ ᠬᠡᠷᠡᠭ ᠢ᠋ᠶ᠋ᠡᠷ52 ᠨᠠᠰᠤᠨ ᠳ᠋ᠠᠭᠠᠨ ᠨᠠᠰᠤ ᠪᠠᠷᠠᠵᠠᠢ᠃