ᠬᠤᠭᠤᠴᠠᠭᠠᠲᠦ ᠰᠡᠳᠭᠦᠯ
>
ᠥᠪᠦᠷ ᠮᠣᠩᠭᠤᠯ ᠤ᠋ᠨ ᠮᠠᠯ ᠠᠵᠤ ᠠᠬᠤᠢ
>
ᠰᠢᠨᠵᠢᠶᠠᠩ ᠤ᠋ᠨ ᠮᠠᠯ ᠠᠵᠤ ᠠᠬᠤᠢ
>
ᠰᠢᠨᠵᠢᠯᠡᠬᠦ ᠤᠬᠠᠭᠠᠨ ᠠᠮᠢᠳᠤᠷᠠᠯ
>
ᠥᠪᠦᠷ ᠮᠣᠩᠭᠤᠯ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ
>
ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠪᠠᠢᠭᠠᠯᠢ ᠶ᠋ᠢᠨ ᠰᠢᠨᠵᠢᠯᠡ
>
ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠮᠣᠩᠭᠤᠯ ᠠᠨᠠᠭᠠᠬᠤ ᠤᠬᠠᠭᠠ
>
ᠮᠣᠩᠭᠤᠯ ᠠᠳᠤᠭᠤ
>
ᠥᠪᠦᠷ ᠮᠣᠩᠭᠤᠯ ᠤ᠋ᠨ ᠮᠠᠯ ᠠᠵᠤ ᠠᠬᠤᠢ ᠵᠢᠨ ᠰᠢᠨᠵᠢᠯᠡᠬᠦ ᠤᠬᠠᠭᠠᠨ
>
ᠥᠪᠦᠷ ᠮᠣᠩᠭᠤᠯ ᠤ᠋ᠨ ᠮᠠᠯ ᠡᠮᠨᠡᠯᠭᠡ
>
ᠲᠣᠭᠠᠨ ᠤ᠋ ᠤᠬᠠᠭᠠᠨ ᠤ᠋ ᠭᠠᠷ ᠪᠢᠴᠢᠮᠡᠯ
>
ᠥᠪᠦᠷ ᠮᠣᠩᠭᠤᠯ ᠤ᠋ᠨ ᠦᠨᠳᠦᠰᠦᠲᠡᠨ ᠦ᠌ ᠡᠮᠨᠡᠯᠭᠡ ᠶ᠋ᠢᠨ ᠳᠡᠭᠡᠳᠦ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ

ᠦᠷ᠎ᠡ ᠬᠥᠪᠦᠷᠡᠯ ᠰᠢᠯᠵᠢᠭᠦᠯᠦᠨ ᠰᠠᠭᠤᠯᠭᠠᠬᠤ ᠠᠷᠭ᠎ᠠ ᠪᠠᠷ ᠪᠠᠪᠸᠽᠢᠶᠦᠽ ᠡᠪᠡᠳᠴᠢᠨ ᠢ᠋ᠶ᠋ᠡᠷ ᠡᠪᠡᠳᠴᠢᠯᠡᠭᠰᠡᠨ ᠠᠮᠢᠲᠠᠨ ᠠ᠋ᠴᠠ ᠡᠷᠡᠭᠦᠯ ᠲᠥᠯ ᠭᠠᠷᠭᠠᠨ ᠠᠪᠬᠤ ᠪᠣᠯᠤᠮᠵᠢ

ᠢᠷᠡᠯᠲᠡ: ᠪᠠᠢᠭᠠᠯᠢ ᠶ᠋ᠢᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠰᠢᠨᠵᠢᠯᠡᠬᠦ ᠤᠬᠠᠭᠠᠨ -> 201501
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/08/29
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ﹇ ᠮᠣᠩᠭᠤᠯ﹈ ᠫ ᠡᠷᠳᠡᠨᠢᠲᠣᠭᠲᠠᠬᠤ᠂ᠾᠷᠦᠰᠢ ᠰᠦᠽᠦ᠋ᠺᠢ᠂ ᠳ ᠠᠯᠢᠮ᠎ᠠ᠂ ᠰ ᠭᠠᠩᠪᠠᠲᠤ
ᠵᠠᠩᠭᠢᠯᠠᠭ᠎ᠠ ᠦᠭᠡ᠄ Babesia microti︔ᠬᠤᠯᠤᠭᠠᠨ᠎ᠠ︔ ᠭᠠᠳᠠᠭᠠᠳᠤ ᠣᠷᠴᠢᠨ︔ ᠣᠯᠠᠨ ᠥᠨᠳᠡᠭᠡᠨ ᠡᠰ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠪᠠᠪᠸᠽᠢᠶᠦᠽ ᠤ᠋ᠨ ᠬᠠᠯᠳᠠᠪᠤᠷᠢ ᠨᠢ ᠶᠡᠬᠡᠪᠴᠢᠯᠡᠨ ᠮᠠᠯ ᠠᠮᠢᠲᠠᠨ ᠳ᠋ᠤ᠌ ᠬᠠᠴᠢᠭ ᠢ᠋ᠶ᠋ᠠᠷ ᠳᠠᠮᠵᠢᠳᠠᠭ ᠪᠠᠢᠵᠤ ᠮᠣᠩᠭᠤᠯ ᠤᠯᠤᠰ ᠲᠤ᠌ ᠪᠠᠪᠸᠽᠢᠶᠦᠽ ᠤ᠋ᠨ ᠬᠠᠯᠳᠠᠪᠤᠷᠢᠯᠠᠯᠲᠠ ᠨᠢ ᠥᠷᠭᠡᠨ ᠲᠠᠷᠬᠠᠭᠠᠳ ᠬᠥᠳᠡᠭᠡ ᠠᠵᠤ ᠠᠬᠤᠢ ᠪᠣᠯᠤᠨ ᠡᠳ᠋ ᠤ᠋ᠨ ᠵᠠᠰᠠᠭ ᠤ᠋ᠨ ᠰᠠᠯᠪᠤᠷᠢ ᠳ᠋ᠤ᠌ ᠪᠠᠭ᠎ᠠ ᠦᠭᠡᠢ ᠬᠣᠣᠷ ᠬᠣᠬᠢᠷᠠᠯ ᠦᠵᠡᠭᠦᠯᠵᠦ ᠪᠠᠢᠨ᠎ᠠ᠃ ᠣᠳᠣ ᠶ᠋ᠢᠨ ᠪᠠᠢᠳᠠᠯ ᠢ᠋ᠶ᠋ᠠᠷ ᠤᠭ ᠡᠪᠡᠳᠴᠢᠨ ᠡᠴᠡ ᠤᠷᠢᠳᠴᠢᠯᠠᠨ ᠰᠡᠷᠭᠡᠢᠯᠡᠬᠦ᠂ ᠬᠢᠨᠠᠯᠲᠠ ᠲᠠᠯᠪᠢᠬᠤ ᠲᠠᠯ᠎ᠠ ᠪᠠᠷ ᠰᠤᠳᠤᠯᠭᠠᠨ ᠤ᠋ ᠠᠵᠢᠯ ᠬᠢᠵᠦ ᠪᠠᠢᠭ᠎ᠠ ᠪᠣᠯᠪᠠᠴᠤ ᠲᠣᠬᠢᠷᠠᠮᠵᠢᠲᠠᠢ ᠠᠷᠭ᠎ᠠ ᠵᠢ ᠬᠠᠢᠭᠰᠠᠭᠠᠷ ᠪᠠᠢᠨ᠎ᠠ᠃ ᠪᠢᠳᠡ ᠦᠷ᠎ᠡ ᠬᠥᠪᠦᠷᠡᠯ ᠰᠢᠯᠵᠢᠭᠦᠯᠬᠦ ᠰᠠᠭᠤᠯᠭᠠᠬᠤ ᠵᠠᠮ ᠢ᠋ᠶ᠋ᠠᠷ ᠬᠠᠯᠳᠠᠪᠤᠷᠢᠲᠤ ᠡᠪᠡᠳᠴᠢᠲᠡᠢ ᠮᠠᠯ᠂ ᠠᠮᠢᠲᠠᠨ ᠠ᠋ᠴᠠ ᠡᠷᠡᠭᠦᠯ ᠲᠥᠯ ᠬᠦᠯᠢᠶᠡᠨ ᠠᠪᠬᠤ ᠪᠣᠯᠤᠮᠵᠢ ᠵᠢ ᠰᠤᠳᠤᠯᠬᠤ ᠶ᠋ᠢᠨ ᠲᠤᠯᠠᠳᠠB.microti ᠶ᠋ᠢᠨ ᠬᠠᠯᠳᠠᠪᠤᠷᠢ ᠠᠪᠤᠭᠰᠠᠨ ᠪᠠ ᠠᠪᠤᠭ᠎ᠠ ᠦᠭᠡᠢ ᠬᠤᠯᠤᠭᠠᠨ᠎ᠠ ᠶ᠋ᠢᠨ ᠬᠥᠪᠦᠷᠡᠯ ᠢ᠋ ᠭᠠᠳᠠᠭᠠᠳᠤ ᠣᠷᠴᠢᠨ ᠳ᠋ᠤ᠌ ᠥᠰᠬᠡᠪᠦᠷᠢᠯᠡᠨ ᠮᠣᠷᠹᠣᠯᠣᠭᠢ ᠶ᠋ᠢᠨ ᠦᠵᠡᠭᠦᠯᠦᠯᠲᠡ ᠵᠢ ᠬᠠᠷᠠᠭᠠᠯᠵᠠᠨ ᠦᠨᠡᠯᠡᠭᠡ ᠥᠭᠪᠡ᠃ ᠬᠤᠯᠤᠭᠠᠨ᠎ᠠ ᠲᠤᠰᠪᠤᠷᠢ ᠳ᠋ᠤ᠌0.2mg ᠢ᠋ᠶ᠋ᠠᠷ1×〖10〗^7︵RBCs︶ ᠮᠢᠯᠢᠭ᠌ᠷᠠᠮ ᠢ᠋ ᠬᠡᠪᠡᠯᠢ ᠶ᠋ᠢᠨ ᠬᠥᠨᠳᠡᠢ ᠳ᠋ᠤ᠌ ᠲᠠᠷᠢᠭᠰᠠᠨ᠃ ᠳᠠᠷᠠᠭ᠎ᠠ ᠨᠢ ᠣᠯᠠᠨ ᠥᠨᠳᠡᠭᠡᠨ ᠡᠰ ᠭᠠᠳᠠᠭᠰᠢᠯᠠᠭᠤᠯᠬᠤ᠂ ᠬᠥᠪᠦᠷᠡᠯ ᠤᠭᠢᠶᠠᠬᠤ ᠠ᠋ᠴᠠ ᠭᠠᠳᠠᠨ᠎ᠠ ᠬᠠᠯᠳᠠᠪᠤᠷᠢᠲᠠᠢ ᠪᠣᠯᠤᠨ ᠬᠠᠯᠳᠠᠪᠤᠷᠢ ᠦᠭᠡᠢ ᠬᠤᠯᠤᠭᠠᠨ᠎ᠠ ᠶ᠋ᠢᠨ ᠬᠥᠪᠦᠷᠡᠯ ᠢ᠋ ᠭᠠᠳᠠᠭᠠᠳᠤ ᠣᠷᠴᠢᠨ ᠥᠰᠬᠡᠪᠦᠷᠢᠯᠡᠬᠦ ᠬᠠᠷᠢᠴᠠᠭᠤᠯᠤᠨ ᠰᠤᠳᠤᠯᠤᠭᠰᠠᠨ᠃ ᠬᠠᠯᠳᠠᠪᠤᠷᠢᠲᠠᠢ ᠪᠣᠯᠤᠨ ᠬᠠᠯᠳᠠᠪᠤᠷᠢ ᠦᠭᠡᠢ ᠬᠤᠯᠤᠭᠠᠨ᠎ᠠ ᠶ᠋ᠢᠨ ᠦᠷ᠎ᠡ ᠬᠥᠪᠦᠷᠡᠯ ᠢ᠋ ᠭᠠᠳᠠᠭᠠᠳᠤ ᠣᠷᠴᠢᠨ ᠳ᠋ᠤ᠌ ᠦᠰᠬᠡᠪᠦᠷᠢᠯᠡᠬᠦ ᠳ᠋ᠤ᠌ ᠥᠰᠦᠯᠲᠡ᠂ ᠬᠥᠭᠵᠢᠯ ᠦ᠋ᠨ ᠢᠯᠭᠠᠭ᠎ᠠ ᠠᠵᠢᠭᠯᠠᠭᠳᠠᠭᠰᠠᠨ ᠦᠭᠡᠢ᠃ ᠡᠭᠦᠨ ᠡᠴᠡ ᠦᠵᠡᠬᠦ ᠳ᠋ᠤ᠌ ᠬᠥᠪᠦᠷᠡᠯ ᠰᠢᠯᠵᠢᠭᠦᠯᠦᠨ ᠰᠠᠭᠤᠯᠭᠠᠬᠤ ᠪᠣᠯᠤᠨ ᠭᠠᠳᠠᠭᠠᠳᠤ ᠣᠷᠴᠢᠨ ᠳ᠋ᠤ᠌ ᠬᠥᠪᠦᠷᠡᠯ ᠥᠰᠬᠡᠪᠦᠷᠢᠯᠡᠬᠦ ᠠᠷᠭ᠎ᠠ ᠵᠢ ᠠᠰᠢᠭᠯᠠᠨ ᠬᠠᠯᠳᠠᠪᠤᠷᠢᠲᠠᠢ ᠠᠮᠢᠲᠠᠨ ᠠ᠋ᠴᠠ ᠡᠷᠡᠭᠦᠯ ᠲᠥᠯ ᠬᠦᠯᠢᠶᠡᠨ ᠠᠪᠬᠤ ᠪᠣᠯᠤᠮᠵᠢᠲᠠᠢ ᠪᠣᠯᠬᠤ ᠵᠢ ᠪᠢᠳᠡᠨ ᠤ᠋ ᠰᠤᠳᠤᠯᠭᠠᠨ ᠤ᠋ ᠳ᠋ᠦᠩ ᠬᠠᠷᠠᠭᠤᠯᠪᠠ᠃ ᠪᠠᠪᠸᠽᠢᠶᠦᠽ ᠤ᠋ᠨ ᠬᠠᠯᠳᠠᠪᠤᠷᠢ ᠥᠷᠭᠡᠨ ᠳᠡᠯᠭᠡᠷᠡᠭᠰᠡᠨ ᠤᠯᠤᠰ ᠣᠷᠤᠨ ᠨᠤᠭᠤᠳ ᠲᠤ᠌ ᠦᠷ᠎ᠡ ᠬᠥᠪᠦᠷᠡᠯ ᠰᠢᠯᠵᠢᠭᠦᠯᠦᠨ ᠰᠠᠭᠤᠯᠭᠠᠬᠤ ᠠᠷᠭ᠎ᠠ ᠵᠢ ᠠᠰᠢᠭᠯᠠᠬᠤ ᠪᠣᠯᠤᠮᠵᠢᠲᠠᠢ ᠪᠠᠢᠨ᠎ᠠ᠃