ᠬᠤᠭᠤᠴᠠᠭᠠᠲᠦ ᠰᠡᠳᠭᠦᠯ
>
ᠥᠪᠦᠷ ᠮᠣᠩᠭᠤᠯ ᠤ᠋ᠨ ᠮᠠᠯ ᠠᠵᠤ ᠠᠬᠤᠢ
>
ᠰᠢᠨᠵᠢᠶᠠᠩ ᠤ᠋ᠨ ᠮᠠᠯ ᠠᠵᠤ ᠠᠬᠤᠢ
>
ᠰᠢᠨᠵᠢᠯᠡᠬᠦ ᠤᠬᠠᠭᠠᠨ ᠠᠮᠢᠳᠤᠷᠠᠯ
>
ᠥᠪᠦᠷ ᠮᠣᠩᠭᠤᠯ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ
>
ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠪᠠᠢᠭᠠᠯᠢ ᠶ᠋ᠢᠨ ᠰᠢᠨᠵᠢᠯᠡ
>
ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠮᠣᠩᠭᠤᠯ ᠠᠨᠠᠭᠠᠬᠤ ᠤᠬᠠᠭᠠ
>
ᠮᠣᠩᠭᠤᠯ ᠠᠳᠤᠭᠤ
>
ᠥᠪᠦᠷ ᠮᠣᠩᠭᠤᠯ ᠤ᠋ᠨ ᠮᠠᠯ ᠠᠵᠤ ᠠᠬᠤᠢ ᠵᠢᠨ ᠰᠢᠨᠵᠢᠯᠡᠬᠦ ᠤᠬᠠᠭᠠᠨ
>
ᠥᠪᠦᠷ ᠮᠣᠩᠭᠤᠯ ᠤ᠋ᠨ ᠮᠠᠯ ᠡᠮᠨᠡᠯᠭᠡ
>
ᠲᠣᠭᠠᠨ ᠤ᠋ ᠤᠬᠠᠭᠠᠨ ᠤ᠋ ᠭᠠᠷ ᠪᠢᠴᠢᠮᠡᠯ
>
ᠥᠪᠦᠷ ᠮᠣᠩᠭᠤᠯ ᠤ᠋ᠨ ᠦᠨᠳᠦᠰᠦᠲᠡᠨ ᠦ᠌ ᠡᠮᠨᠡᠯᠭᠡ ᠶ᠋ᠢᠨ ᠳᠡᠭᠡᠳᠦ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ

ᠮᠣᠩᠭᠤᠯ ᠡᠮ ᠦ᠋ᠨ ᠴᠢᠰᠤᠨ ᠥᠭᠡᠬᠦ ᠪᠠᠭᠤᠷᠠᠭᠤᠯᠬᠤ ᠮᠣᠯᠧᠺᠦ᠋ᠯ ᠦ᠋ᠨ ᠢᠯᠡᠷᠡᠭᠦᠯᠦᠯᠲᠡ ᠪᠣᠯᠤᠨ ᠰᠢᠰᠲ᠋ᠧᠮᠲᠦ ᠰᠤᠳᠤᠯᠭᠠᠨ

ᠢᠷᠡᠯᠲᠡ: ᠪᠠᠢᠭᠠᠯᠢ ᠶ᠋ᠢᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠰᠢᠨᠵᠢᠯᠡᠬᠦ ᠤᠬᠠᠭᠠᠨ -> 201501
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/08/29
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠪᠣᠷᠵᠢᠭᠢᠨ ᠭᠡᠷᠡᠯᠲᠦ
ᠵᠠᠩᠭᠢᠯᠠᠭ᠎ᠠ ᠦᠭᠡ᠄ ᠤᠯᠠᠮᠵᠢᠯᠠᠯᠲᠤ ᠮᠣᠩᠭᠤᠯ ᠡᠮ︔ ᠴᠢᠰᠤᠨ ᠥᠭᠡᠬᠦ ᠪᠠᠭᠤᠷᠠᠭᠤᠯᠬᠤ ᠰᠢᠨ᠎ᠡ ᠡᠮ︔ ᠬᠤᠤᠵᠤᠤ︔ ᠪᠢᠪᠢᠯᠢᠩ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠲᠤᠰ ᠥᠭᠦᠯᠡᠯ ᠴᠢᠰᠤᠨ ᠥᠭᠡᠬᠦ ᠪᠠᠭᠤᠷᠠᠭᠤᠯᠬᠤ ᠮᠣᠩᠭᠤᠯ ᠡᠮ ᠦ᠋ᠨ ᠢᠳᠡᠪᠬᠢ ᠪᠣᠳᠠᠰ ᠤ᠋ᠨ ᠭᠠᠷᠭᠠᠨ ᠠᠪᠬᠤ᠂ ᠮᠣᠯᠧᠺᠦ᠋ᠯ ᠤ᠋ᠨ ᠪᠦᠲᠦᠴᠡ ᠵᠢ ᠲᠣᠭᠲᠠᠭᠠᠵᠤ᠂ ᠬᠢᠮᠢ ᠶ᠋ᠢᠨ ᠰᠢᠨᠵᠢ ᠴᠢᠨᠠᠷ᠂ ᠡᠮ ᠵᠦᠢ᠂ ᠡᠮ ᠦ᠋ᠨ ᠲᠠᠷᠬᠠᠯᠲᠠ ᠵᠡᠷᠭᠡ ᠰᠠᠭᠤᠷᠢ ᠰᠤᠳᠤᠯᠭᠠᠨ ᠢ᠋ ᠰᠢᠰᠲ᠋ᠧᠮ ᠲᠠᠢ ᠪᠠᠷ ᠰᠤᠳᠤᠯᠵᠤ᠂ ᠤᠯᠤᠰ ᠤ᠋ᠨ ᠳᠣᠲᠤᠭᠠᠳᠤ ᠭᠠᠳᠠᠭᠠᠳᠤ ᠳ᠋ᠤ᠌ ᠠᠩᠬᠠᠳᠤᠭᠠᠷ ᠤᠳᠠᠭ᠎ᠠ ᠮᠣᠩᠭᠤᠯ ᠡᠮ ᠪᠢᠪᠢᠯᠢᠩ ᠦ᠋ᠨ ᠢᠳᠡᠪᠬᠢ ᠪᠣᠳᠠᠰGBN ᠨᠢ ᠮᠠᠰᠢ ᠢᠯᠡᠷᠬᠡᠢ ᠴᠢᠰᠤᠨ ᠥᠭᠡᠬᠦ ᠪᠠᠭᠤᠷᠠᠭᠤᠯᠬᠤ ᠦᠢᠯᠡᠳᠦᠯ ᠲᠠᠢ᠂ ᠢᠯᠡᠷᠬᠡᠢ ᠲᠣᠳᠤ ᠬᠣᠣᠷᠳᠠᠭᠰᠠᠨ ᠦᠢᠯᠡᠳᠦᠯ ᠦᠭᠡᠢ ᠭᠡᠳᠡᠭ ᠢ᠋ ᠳᠡᠯᠡᠬᠡᠢ ᠳ᠋ᠠᠬᠢᠨ ᠳ᠋ᠤ᠌ ᠬᠠᠮᠤᠭ ᠲᠡᠷᠢᠭᠦᠨ ᠳ᠋ᠤ᠌ ᠣᠯᠵᠤ ᠮᠡᠳᠡᠵᠡᠢ᠃ ᠲᠤᠰ ᠢᠯᠡᠷᠡᠭᠦᠯᠦᠯᠲᠡ ᠨᠢ ᠤᠯᠤᠰ ᠤ᠋ᠨ ᠲᠤᠰᠭᠠᠢ ᠠᠰᠢᠭ ᠤ᠋ᠨ ᠡᠷᠬᠡ ᠲᠠᠢ ᠴᠢᠰᠤᠨ ᠥᠭᠡᠬᠦ ᠪᠠᠭᠤᠷᠠᠭᠤᠯᠬᠤ ᠰᠢᠨ᠎ᠡ ᠡᠮ ᠦ᠋ᠨ ᠡᠭᠦᠳᠦᠯᠲᠡ ᠳ᠋ᠤ᠌ ᠴᠣ᠋ ᠰᠢᠨ᠎ᠡ ᠡᠮ ᠳ᠋ᠤ᠌ ᠬᠡᠷᠡᠭᠯᠡᠳᠡᠭ ᠣᠷᠭᠠᠨᠢᠭ ᠪᠣᠳᠠᠰ ᠪᠣᠯᠤᠨ ᠰᠤᠳᠤᠯᠭᠠᠨ ᠤ᠋ ᠵᠠᠮ ᠮᠥᠷ ᠢ᠋ ᠬᠠᠩᠭᠠᠵᠤ ᠥᠭᠴᠡᠢ᠃ ᠮᠣᠩᠭᠤᠯ ᠡᠮ ᠦ᠋ᠨ ᠰᠤᠳᠤᠯᠭᠠᠨ ᠤ᠋ ᠬᠡᠪᠴᠢᠶᠡᠨ ᠳ᠋ᠤ᠌ ᠠᠩᠬᠠᠳᠤᠭᠠᠷ ᠤᠳᠠᠭ᠎ᠠ ᠣᠳᠣ ᠦᠶ᠎ᠡ ᠶ᠋ᠢᠨ ᠰᠢᠨᠵᠢᠯᠡᠬᠦ ᠤᠬᠠᠭᠠᠨᠲᠠᠨ ᠲᠧᠭᠨᠢᠭ ᠠᠰᠢᠭᠯᠠᠨ ᠤᠯᠠᠮᠵᠢᠯᠠᠯᠲᠤ ᠮᠣᠩᠭᠤᠯ ᠡᠮ ᠦ᠋ᠨ ᠪᠣᠳᠠᠰ ᠤ᠋ᠨ ᠰᠠᠭᠤᠷᠢ ᠪᠣᠯᠤᠨ ᠰᠢᠨᠵᠢᠯᠡᠬᠦ ᠤᠬᠠᠭᠠᠨ ᠤ᠋ ᠣᠨᠤᠯ ᠢ᠋ ᠰᠢᠰᠲ᠋ᠧᠮ ᠲᠠᠢ ᠪᠠᠷ ᠰᠤᠳᠤᠯᠤᠨ ᠪᠠᠲᠤᠯᠠᠵᠤ᠂ ᠪᠦᠬᠦ ᠳᠡᠯᠡᠬᠡᠢ ᠳ᠋ᠤ᠌ ᠤᠯᠠᠮᠵᠢᠯᠠᠯᠲᠤ ᠮᠣᠩᠭᠤᠯ ᠡᠮ ᠪᠣᠯ ᠡᠮᠴᠢᠯᠡᠭᠡ ᠶ᠋ᠢᠨ ᠦᠨ᠎ᠡ ᠥᠷᠲᠡᠭ ᠲᠠᠢ ᠭᠡᠳᠡᠭ ᠢ᠋ ᠭᠡᠷᠡᠴᠢᠯᠡᠪᠡ᠃