ᠬᠤᠭᠤᠴᠠᠭᠠᠲᠦ ᠰᠡᠳᠭᠦᠯ
>
ᠥᠪᠦᠷ ᠮᠣᠩᠭᠤᠯ ᠤ᠋ᠨ ᠮᠠᠯ ᠠᠵᠤ ᠠᠬᠤᠢ
>
ᠰᠢᠨᠵᠢᠶᠠᠩ ᠤ᠋ᠨ ᠮᠠᠯ ᠠᠵᠤ ᠠᠬᠤᠢ
>
ᠰᠢᠨᠵᠢᠯᠡᠬᠦ ᠤᠬᠠᠭᠠᠨ ᠠᠮᠢᠳᠤᠷᠠᠯ
>
ᠥᠪᠦᠷ ᠮᠣᠩᠭᠤᠯ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ
>
ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠪᠠᠢᠭᠠᠯᠢ ᠶ᠋ᠢᠨ ᠰᠢᠨᠵᠢᠯᠡ
>
ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠮᠣᠩᠭᠤᠯ ᠠᠨᠠᠭᠠᠬᠤ ᠤᠬᠠᠭᠠ
>
ᠮᠣᠩᠭᠤᠯ ᠠᠳᠤᠭᠤ
>
ᠥᠪᠦᠷ ᠮᠣᠩᠭᠤᠯ ᠤ᠋ᠨ ᠮᠠᠯ ᠠᠵᠤ ᠠᠬᠤᠢ ᠵᠢᠨ ᠰᠢᠨᠵᠢᠯᠡᠬᠦ ᠤᠬᠠᠭᠠᠨ
>
ᠥᠪᠦᠷ ᠮᠣᠩᠭᠤᠯ ᠤ᠋ᠨ ᠮᠠᠯ ᠡᠮᠨᠡᠯᠭᠡ
>
ᠲᠣᠭᠠᠨ ᠤ᠋ ᠤᠬᠠᠭᠠᠨ ᠤ᠋ ᠭᠠᠷ ᠪᠢᠴᠢᠮᠡᠯ
>
ᠥᠪᠦᠷ ᠮᠣᠩᠭᠤᠯ ᠤ᠋ᠨ ᠦᠨᠳᠦᠰᠦᠲᠡᠨ ᠦ᠌ ᠡᠮᠨᠡᠯᠭᠡ ᠶ᠋ᠢᠨ ᠳᠡᠭᠡᠳᠦ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ

ᠰᠢᠷᠬᠡᠭᠯᠢᠭ ᠮᠥᠬᠦᠯᠢᠭᠲᠦ ᠪᠡᠶ᠎ᠡ ᠶ᠋ᠢᠨ ᠠᠵᠢᠯᠯᠠᠭᠠᠨ ᠤ᠋ ᠰᠤᠳᠤᠯᠤᠯ ᠢ᠋ᠶ᠋ᠠᠷ ᠮᠣᠩᠭᠤᠯ ᠡᠮ ᠢ᠋ ᠰᠢᠨᠵᠢᠬᠦ ᠨᠢ

ᠢᠷᠡᠯᠲᠡ: ᠪᠠᠢᠭᠠᠯᠢ ᠶ᠋ᠢᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠰᠢᠨᠵᠢᠯᠡᠬᠦ ᠤᠬᠠᠭᠠᠨ -> 201502
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/08/30
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠰᠢᠯᠢᠨᠴᠡᠴᠡᠭ᠂ ᠵᠠᠩ ᠸᠧᠨ
ᠵᠠᠩᠭᠢᠯᠠᠭ᠎ᠠ ᠦᠭᠡ᠄ ᠦᠷᠪᠢᠰᠦᠯ ᠢ᠋ ᠡᠰᠡᠷᠭᠦᠴᠡᠬᠦ ᠮᠣᠩᠭᠤᠯ ᠡᠮ︔ ᠰᠢᠷᠬᠡᠭᠯᠢᠭ ᠮᠥᠬᠦᠯᠢᠭᠲᠦ ᠪᠡᠶ᠎ᠡ ᠶ᠋ᠢᠨ ᠠᠵᠢᠯᠯᠠᠭ᠎ᠠ︔ ᠡᠮ ᠰᠢᠭᠰᠢᠬᠦ︔ ᠮᠸᠻᠧᠨᠢᠽᠮ ᠦ᠋ᠨ ᠰᠤᠳᠤᠯᠤᠯ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠮᠣᠩᠭᠤᠯ ᠡᠮ ᠡᠮᠨᠡᠯᠭᠡ ᠪᠣᠯ ᠢᠯᠭᠤᠮ ᠲᠣᠳᠤ ᠦᠨᠳᠦᠰᠦᠲᠡᠨ ᠤ᠋ ᠣᠨᠴᠠᠯᠢᠭ ᠪᠠ ᠭᠠᠵᠠᠷ ᠣᠷᠤᠨ ᠤ᠋ ᠣᠨᠴᠠᠯᠢᠭ ᠲᠠᠢ ᠮᠥᠷᠲᠡᠭᠡᠨ ᠲᠣᠪᠤᠢᠮ᠎ᠠ ᠣᠨᠤᠯ ᠤ᠋ᠨ ᠰᠢᠰᠲ᠋ᠧᠮ ᠲᠠᠢ ᠡᠮᠴᠢᠯᠡᠭᠡᠨ ᠤ᠋ ᠣᠨᠴᠠᠯᠢᠭ ᠪᠦᠬᠦᠢ ᠳᠤᠮᠳᠠᠳᠤ ᠤᠯᠤᠰ ᠤ᠋ᠨ ᠤᠯᠠᠮᠵᠢᠯᠠᠯᠲᠤ ᠡᠮ ᠡᠮᠨᠡᠯᠭᠡ ᠪᠣᠯᠬᠤ ᠶᠤᠮ᠃ ᠦᠷᠪᠢᠰᠦᠯ ᠢ᠋ ᠡᠰᠡᠷᠭᠦᠴᠡᠬᠦ ᠲᠠᠯ᠎ᠠ ᠪᠠᠷ ᠮᠣᠩᠭᠤᠯ ᠡᠮ ᠨᠢ ᠪᠠᠰᠠ ᠥᠪᠡᠷᠮᠢᠴᠡ ᠣᠨᠴᠠᠯᠢᠭ ᠲᠠᠢ ᠪᠥᠭᠡᠳ ᠡᠮᠴᠢᠯᠡᠭᠡᠨ ᠤ᠋ ᠦᠷ᠎ᠡ ᠳ᠋ᠦᠩ ᠨᠢ ᠰᠠᠢᠨ ᠪᠠᠢᠳᠠᠭ᠃ ᠭᠡᠪᠡᠴᠦ ᠡᠳᠦᠭᠡ ᠪᠣᠯᠲᠠᠯ᠎ᠠ ᠦᠷᠪᠢᠰᠦᠯ ᠢ᠋ ᠡᠰᠡᠷᠭᠦᠴᠡᠬᠦ ᠣᠯᠠᠩᠬᠢ ᠮᠣᠩᠭᠤᠯ ᠡᠮ ᠦ᠋ᠨ ᠲᠤᠬᠠᠢ ᠰᠢᠨᠵᠢᠯᠡᠬᠦ ᠤᠬᠠᠭᠠᠨ ᠤ᠋ ᠰᠤᠳᠤᠯᠭᠠᠨ ᠬᠢᠭᠰᠡᠨ ᠨᠢ ᠳᠤᠲᠠᠮᠠᠭ ᠪᠠᠢᠵᠤ᠂ ᠭᠦᠨ ᠨᠠᠷᠢᠨ ᠣᠢᠯᠠᠭᠠᠯᠲᠠ ᠪᠦᠷᠢᠯᠳᠦᠵᠦ ᠴᠢᠳᠠᠭᠠᠳᠤᠢ ᠪᠠᠢᠭᠰᠠᠭᠠᠷ᠃ ᠡᠢᠮᠦ ᠡᠴᠡ ᠬᠣᠵᠢᠮ ᠡᠳᠡᠭᠡᠷ ᠦᠷᠪᠢᠰᠦᠯ ᠢ᠋ ᠡᠰᠡᠷᠭᠦᠴᠡᠬᠦ ᠮᠣᠩᠭᠤᠯ ᠡᠮ ᠢ᠋ ᠵᠠᠬ᠎ᠠ ᠳᠡᠯᠭᠡᠭᠦᠷ ᠲᠦ᠍ ᠭᠠᠷᠭᠠᠨ ᠨᠡᠢᠭᠡᠮ ᠳᠡᠭᠡᠷ᠎ᠡ ᠣᠯᠠᠨ ᠠᠷᠪᠢᠨ ᠲᠠᠷᠬᠠᠭᠠᠨ ᠬᠡᠷᠡᠭᠯᠡᠭᠦᠯᠬᠦ ᠶ᠋ᠢᠨ ᠲᠥᠯᠦᠭᠡ ᠪᠢᠳᠡ ᠰᠢᠨ᠎ᠡ ᠨᠢᠭᠡᠨ ᠰᠤᠳᠤᠯᠭᠠᠨ ᠤ᠋ ᠪᠣᠳᠤᠯᠭ᠎ᠠ ᠪᠠ ᠠᠷᠭ᠎ᠠ ᠮᠡᠷᠭᠡᠵᠢᠯ ᠢ᠋ ᠰᠦᠪᠡᠭᠴᠢᠯᠡᠬᠦ ᠬᠡᠷᠡᠭᠲᠡᠢ ᠪᠠᠢᠨ᠎ᠠ᠃ ᠰᠢᠷᠬᠡᠭᠯᠢᠭ ᠮᠥᠬᠦᠯᠢᠭᠲᠦ ᠪᠡᠶ᠎ᠡ ᠪᠣᠯ ᠡᠰ ᠳᠣᠲᠤᠷᠠᠬᠢ ᠡᠨᠧᠷᠭᠢ ᠬᠠᠩᠭᠠᠬᠤ ᠭᠣᠣᠯ ᠡᠷᠬᠡᠲᠡᠨ ᠪᠣᠯᠤᠨ᠎ᠠ᠃ ᠬᠥᠮᠦᠨ ᠤ᠋ ᠪᠡᠶ᠎ᠡ ᠳ᠋ᠡᠬᠢ ᠰᠣᠯᠢᠯᠴᠠᠭᠠᠨ ᠤ᠋ ᠴᠢᠨᠠᠷᠲᠠᠢ ᠪᠤᠶᠤ ᠦᠯᠦ ᠬᠠᠯᠳᠠᠭᠠᠬᠤ ᠰᠢᠰᠲ᠋ᠧᠮ ᠲᠠᠢ ᠬᠣᠯᠪᠤᠭᠳᠠᠯ ᠪᠦᠬᠦᠢ ᠣᠯᠠᠨ ᠲᠥᠷᠦᠯ ᠦ᠋ᠨ ᠡᠪᠡᠳᠴᠢᠨ ᠨᠢ ᠪᠦᠷ ᠯᠡ ᠰᠢᠷᠬᠡᠭᠯᠢᠭ ᠮᠥᠬᠦᠯᠢᠭᠲᠦ ᠪᠡᠶ᠎ᠡ ᠶ᠋ᠢᠨ ᠠᠵᠢᠯᠯᠠᠭᠠᠨ ᠤ᠋ ᠰᠠᠮᠠᠭᠤᠷᠠᠯ ᠲᠠᠢ ᠬᠣᠯᠪᠤᠭᠳᠠᠳᠠᠭ᠃ ᠬᠤᠮᠠᠬᠢ ᠶᠢᠷᠲᠢᠨᠴᠦ ᠶ᠋ᠢᠨ ᠰᠢᠰᠲ᠋ᠧᠮᠴᠢ ᠦᠵᠡᠯ ᠦ᠋ᠨ ᠵᠣᠭᠰᠤᠴᠠ ᠠ᠋ᠴᠠ ᠰᠢᠷᠬᠡᠭᠯᠢᠭ ᠮᠥᠬᠦᠯᠢᠭᠲᠦ ᠪᠡᠶ᠎ᠡ ᠪᠣᠯ ᠬᠥᠮᠦᠨ ᠤ ᠪᠡᠶ᠎ᠡ ᠶ᠋ᠢᠨ ᠹᠢᠽᠢᠣᠯᠣᠭᠢ ᠶ᠋ᠢᠨ ᠪᠠᠢᠳᠠᠯ ᠢ᠋ ᠨᠥᠯᠦᠭᠡᠯᠡᠳᠡᠭ ᠨᠢᠭᠡᠨ ᠴᠢᠬᠤᠯᠠ ᠰᠢᠯᠲᠠᠭᠠᠨ ᠭᠡᠵᠦ ᠦᠵᠡᠵᠦ ᠪᠣᠯᠤᠨ᠎ᠠ᠃ ᠡᠢᠮᠦ ᠡᠴᠡ᠂ ᠰᠢᠰᠲ᠋ᠧᠮᠴᠢ ᠳᠣᠲᠤᠷᠠᠬᠢ ᠭᠣᠣᠯ ᠨᠢᠭᠡᠨ ᠡᠯᠧᠮᠧᠨ᠋ᠲ ᠢ᠋ ᠠᠰᠢᠭᠯᠠᠵᠤ᠂ ᠪᠦᠬᠦᠢᠯᠡ ᠰᠢᠰᠲ᠋ᠧᠮ ᠦ᠋ᠨ ᠪᠠᠢᠳᠠᠯ ᠢ᠋ ᠠᠵᠢᠭᠯᠠᠬᠤ ᠪᠤᠶᠤ ᠪᠦᠬᠦᠢᠯᠡ ᠰᠢᠰᠲ᠋ᠧᠮ ᠨᠢ ᠭᠠᠳᠠᠭᠠᠳᠤ ᠶᠢᠷᠲᠢᠨᠴᠦ ᠶ᠋ᠢᠨ ᠰᠡᠳᠦᠯᠲᠡ ᠳ᠋ᠤ᠌ ᠬᠡᠷᠬᠢᠨ ᠬᠠᠷᠢᠭᠤ ᠡᠭᠦᠰᠴᠦ ᠪᠠᠢᠬᠤ ᠵᠢ ᠲᠣᠳᠤᠯᠠᠬᠤ ᠪᠣᠯ ᠲᠤᠢᠯ ᠤ᠋ᠨ ᠴᠢᠬᠤᠯᠠ ᠠᠴᠢ ᠬᠣᠯᠪᠤᠭᠳᠠᠯ ᠪᠦᠬᠦᠢ ᠨᠢᠭᠡᠨ ᠰᠤᠳᠤᠯᠭᠠᠨ ᠤ᠋ ᠠᠷᠭ᠎ᠠ ᠬᠡᠯᠪᠡᠷᠢ ᠪᠣᠯᠤᠨ᠎ᠠ᠃ ᠡᠨᠡ ᠨᠢ ᠮᠣᠩᠭᠤᠯ ᠡᠮ ᠡᠮᠨᠡᠯᠭᠡ ᠶ᠋ᠢᠨ ᠪᠦᠬᠦᠯᠢ ᠴᠣᠭᠴᠠᠲᠤ ᠣᠨᠤᠯ ᠤ᠋ᠨᠦᠵᠡᠯ ᠰᠠᠨᠠᠭ᠎ᠠ ᠲᠠᠢ ᠶᠠᠪ ᠴᠠᠪ ᠲᠣᠬᠢᠷᠠᠵᠤ ᠪᠠᠢᠬᠤ ᠶᠤᠮ᠃USP2 ᠪᠣᠯᠤᠨPG1-a ᠪᠣᠯ ᠰᠢᠷᠬᠡᠭᠯᠢᠭ ᠮᠥᠬᠦᠯᠢᠭᠲᠦ ᠪᠡᠶ᠎ᠡ ᠶ᠋ᠢᠨ ᠠᠵᠢᠯᠯᠠᠭ᠎ᠠ ᠵᠢ ᠲᠤᠰᠭᠠᠭᠰᠠᠨ ᠬᠣᠶᠠᠷ ᠠᠭᠤᠯᠭ᠎ᠠ ᠪᠣᠯᠤᠨ᠎ᠠ᠃ ᠲᠤᠰ ᠥᠭᠦᠯᠡᠯ ᠳ᠋ᠤ᠌ ᠳᠡᠭᠡᠷᠡᠬᠢ ᠬᠣᠶᠠᠷ ᠤᠭᠤᠷᠠᠭ ᠤ᠋ᠨ ᠢᠯᠡᠷᠡᠯ ᠪᠠ ᠢᠳᠡᠪᠬᠢ ᠴᠢᠨᠠᠷ ᠲᠦ᠍ ᠬᠡᠮᠵᠢᠯᠲᠡ ᠬᠢᠬᠦ ᠪᠡᠷ ᠳᠠᠮᠵᠢᠨ ᠰᠢᠷᠬᠡᠭᠯᠢᠭ ᠮᠥᠬᠦᠯᠢᠭᠲᠦ ᠪᠡᠶ᠎ᠡ ᠶ᠋ᠢᠨ ᠠᠵᠢᠯᠯᠠᠭᠠᠨ ᠤ᠋ ᠪᠠᠢᠳᠠᠯ᠂ ᠴᠢᠨᠠᠭᠰᠢᠯᠠᠨ ᠡᠰ ᠪᠤᠶᠤ ᠡᠷᠬᠡᠲᠡᠨ ᠤ᠋ ᠡᠷᠡᠭᠦᠯ ᠡᠰᠡᠬᠦ ᠵᠢ ᠮᠠᠭᠠᠳᠯᠠᠨ ᠨᠤᠲᠠᠯᠠᠬᠤ ᠲᠤᠬᠠᠢ ᠰᠳᠤᠯᠭᠠᠨᠨ ᠤ᠋ ᠠᠷᠭ᠎ᠠ ᠮᠡᠷᠭᠡᠵᠢᠯ ᠢ᠋ ᠥᠭᠦᠯᠡᠪᠡ᠃