ᠬᠤᠭᠤᠴᠠᠭᠠᠲᠦ ᠰᠡᠳᠭᠦᠯ
>
ᠥᠪᠦᠷ ᠮᠣᠩᠭᠤᠯ ᠤ᠋ᠨ ᠮᠠᠯ ᠠᠵᠤ ᠠᠬᠤᠢ
>
ᠰᠢᠨᠵᠢᠶᠠᠩ ᠤ᠋ᠨ ᠮᠠᠯ ᠠᠵᠤ ᠠᠬᠤᠢ
>
ᠰᠢᠨᠵᠢᠯᠡᠬᠦ ᠤᠬᠠᠭᠠᠨ ᠠᠮᠢᠳᠤᠷᠠᠯ
>
ᠥᠪᠦᠷ ᠮᠣᠩᠭᠤᠯ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ
>
ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠪᠠᠢᠭᠠᠯᠢ ᠶ᠋ᠢᠨ ᠰᠢᠨᠵᠢᠯᠡ
>
ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠮᠣᠩᠭᠤᠯ ᠠᠨᠠᠭᠠᠬᠤ ᠤᠬᠠᠭᠠ
>
ᠮᠣᠩᠭᠤᠯ ᠠᠳᠤᠭᠤ
>
ᠥᠪᠦᠷ ᠮᠣᠩᠭᠤᠯ ᠤ᠋ᠨ ᠮᠠᠯ ᠠᠵᠤ ᠠᠬᠤᠢ ᠵᠢᠨ ᠰᠢᠨᠵᠢᠯᠡᠬᠦ ᠤᠬᠠᠭᠠᠨ
>
ᠥᠪᠦᠷ ᠮᠣᠩᠭᠤᠯ ᠤ᠋ᠨ ᠮᠠᠯ ᠡᠮᠨᠡᠯᠭᠡ
>
ᠲᠣᠭᠠᠨ ᠤ᠋ ᠤᠬᠠᠭᠠᠨ ᠤ᠋ ᠭᠠᠷ ᠪᠢᠴᠢᠮᠡᠯ
>
ᠥᠪᠦᠷ ᠮᠣᠩᠭᠤᠯ ᠤ᠋ᠨ ᠦᠨᠳᠦᠰᠦᠲᠡᠨ ᠦ᠌ ᠡᠮᠨᠡᠯᠭᠡ ᠶ᠋ᠢᠨ ᠳᠡᠭᠡᠳᠦ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ

ᠳᠠᠯᠠᠢ ᠶ᠋ᠢᠨ ᠬᠥᠪᠦᠩ ᠡᠴᠡ ᠬᠣᠶᠠᠷᠴᠢ ᠢᠨᠳᠦ᠋ ᠶ᠋ᠢᠨ ᠬᠡᠯᠪᠡᠷᠢᠲᠦ ᠠᠮᠢᠳᠤ ᠪᠣᠳᠠᠰ ᠤ᠋ᠨ ᠱᠦᠯᠲᠦ ᠵᠢ ᠰᠠᠯᠭᠠᠵᠤ ᠢᠳᠡᠪᠬᠢ ᠴᠢᠨᠠᠷ ᠢ᠋ ᠬᠡᠮᠵᠢᠭᠰᠡᠨ ᠲᠤᠷᠰᠢᠯᠲᠠ

ᠢᠷᠡᠯᠲᠡ: ᠪᠠᠢᠭᠠᠯᠢ ᠶ᠋ᠢᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠰᠢᠨᠵᠢᠯᠡᠬᠦ ᠤᠬᠠᠭᠠᠨ -> 201400
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/08/30
ᠦᠵᠡᠭᠰᠡᠨ ᠤᠳᠠᠭ᠎ᠠ: 1ᠤᠳᠠᠭ᠎ᠠ
ᠵᠣᠬᠢᠶᠠᠭᠴᠢ᠄ ᠪᠣᠣ ᠪᠣᠣ ᠴᠢᠦᠸᠠᠨ᠂JeeH·Jung᠂ ᠵᠠᠩ ᠫᠢᠩ᠂ ᠵᠢᠷᠤᠮᠪᠠᠲᠤ
ᠵᠠᠩᠭᠢᠯᠠᠭ᠎ᠠ ᠦᠭᠡ᠄ ᠳᠠᠯᠠᠢ ᠶ᠋ᠢᠨ ᠬᠥᠪᠦᠩ︔ ᠠᠮᠢᠳᠤ ᠪᠣᠳᠠᠰ ᠤ᠋ᠨ ᠱᠦᠯᠲᠦ︔ ᠬᠣᠶᠠᠷᠴᠢ ᠢᠨᠳᠦ᠋︔ ᠢᠳᠡᠪᠬᠢ ᠴᠢᠨᠠᠷ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠳᠠᠯᠠᠢ ᠶ᠋ᠢᠨ ᠬᠥᠪᠦᠩSpongosorites sp. ᠶ᠋ᠢᠨ ᠮᠧᠲ᠋ᠢᠯ ᠠᠯᠺᠣᠣᠯ ᠢ᠋ᠶ᠋ᠠᠷ ᠭᠠᠷᠭᠠᠨ ᠠᠪᠤᠭᠰᠠᠨ ᠠᠭᠤᠰᠤᠮᠠᠯ ᠳ᠋ᠤ᠌ ᠠᠮᠢᠳᠤ ᠪᠣᠳᠠᠰ ᠤ᠋ᠨ ᠢᠳᠡᠪᠬᠢ ᠴᠢᠨᠠᠷ ᠢ᠋ ᠮᠥᠷᠳᠡᠬᠦ ᠠᠷᠭ᠎ᠠ ᠪᠠᠷ ᠳᠣᠯᠤᠭᠠᠨ ᠰᠢᠨ᠎ᠡ ᠬᠢᠮᠢ ᠶ᠋ᠢᠨ ᠨᠢᠭᠡᠳᠪᠦᠷᠢ1 ᠪᠣᠯᠤᠨ3-8 ᠪᠠ ᠨᠢᠭᠡᠨᠲᠡ ᠢᠯᠡᠷᠡᠭᠦᠯᠦᠭᠰᠡᠨ ᠳᠣᠯᠤᠭᠠᠨ ᠬᠢᠮᠢ ᠶ᠋ᠢᠨ ᠨᠢᠭᠡᠳᠪᠦᠷᠢ2 ᠪᠣᠯᠤᠨ9-14 ᠨᠡᠢᠲᠡ ᠠᠷᠪᠠᠨ ᠳᠥᠷᠪᠡᠨ ᠨᠢᠭᠡᠳᠪᠦᠷᠢ ᠵᠢ ᠰᠢᠯᠭᠠᠨ ᠣᠯᠵᠤ ᠪᠦᠲᠦᠴᠡ ᠵᠢ ᠨᠤᠲᠠᠯᠠᠭᠰᠠᠨ ᠪᠠᠢᠨ᠎ᠠ᠃ ᠡᠳᠡᠭᠡᠷ ᠬᠢᠮᠢ ᠶ᠋ᠢᠨ ᠨᠢᠭᠡᠳᠪᠦᠷᠢ ᠨᠢtopsentim hamacathin ᠬᠡᠯᠪᠡᠷᠢ ᠶ᠋ᠢᠨ ᠬᠣᠶᠠᠷᠴᠢ ᠢᠨᠳᠦ᠋ ᠶ᠋ᠢᠨ ᠠᠮᠢᠳᠤ ᠪᠣᠳᠠᠰ ᠤ᠋ᠨ ᠱᠦᠯᠲᠦ ᠳ᠋ᠤ᠌ ᠪᠠᠭᠲᠠᠨ᠎ᠠ᠃ ᠬᠢᠮᠢ ᠶ᠋ᠢᠨ ᠨᠢᠭᠡᠳᠪᠦᠷᠢ7 ᠶ᠋ᠢᠨ ᠪᠦᠲᠦᠴᠡ ᠵᠢ ᠨᠢᠭᠡᠨᠲᠡ ᠨᠡᠢᠲᠡᠯᠡᠭᠰᠡᠨ ᠥᠭᠦᠯᠡᠯ ᠢ᠋ ᠦᠨᠳᠦᠰᠦᠯᠡᠵᠦ ᠪᠦᠲᠦᠴᠡ ᠶ᠋ᠢᠨ ᠲᠠᠯ᠎ᠠ ᠠ᠋ᠴᠠ ᠳᠠᠬᠢᠨ ᠨᠤᠲᠠᠯᠠᠵᠤ ᠵᠠᠰᠠᠪᠤᠷᠢᠯᠠᠭᠰᠠᠨ ᠪᠠᠢᠨ᠎ᠠ᠃ ᠪᠤᠰᠤᠳ ᠨᠢᠭᠡᠳᠪᠦᠷᠢ ᠶ᠋ᠢᠨ ᠪᠦᠲᠦᠴᠡ ᠵᠢ ᠴᠥᠮ᠎ᠡ ᠶ᠋ᠢᠨ ᠰᠣᠷᠢᠨᠵᠢᠨ ᠳᠡᠷᠪᠢᠯᠲᠡ︵NMR︶ ᠪᠣᠯᠤᠨ ᠮᠠᠰ︵MS︶ ᠤ᠋ᠨ ᠵᠢᠷᠤᠮᠠᠭ ᠪᠠ ᠲᠣᠭ᠎ᠠ ᠬᠡᠮᠵᠢᠭᠳᠡᠯ ᠢ᠋ ᠦᠨᠳᠦᠰᠦᠯᠡᠨ ᠲᠣᠭᠲᠠᠭᠠᠵᠤ᠂ ᠪᠦᠲᠦᠴᠡ ᠵᠢ ᠨᠤᠲᠠᠯᠠᠬᠤ ᠳ᠋ᠤ᠌ ᠭᠡᠷᠡᠯ ᠡᠷᠭᠢᠯᠲᠡ ᠪᠠNMR ᠵᠢᠷᠤᠮᠠᠭ ᠢ᠋ ᠠᠰᠢᠭᠯᠠᠭᠰᠠᠨ ᠪᠠᠢᠨ᠎ᠠ᠃ ᠬᠢᠮᠢ ᠶ᠋ᠢᠨ ᠨᠢᠭᠡᠳᠪᠦᠷᠢ1-4.6 ᠪᠣᠯᠤᠨ8-14 ᠨᠢ5 ᠲᠥᠷᠦᠯ ᠦ᠋ᠨ ᠬᠥᠮᠦᠨ ᠤ᠋ ᠪᠡᠶ᠎ᠡ ᠶ᠋ᠢᠨ ᠦᠮᠡᠨ ᠡᠰ ᠢ᠋ ᠡᠰᠡᠷᠭᠦᠴᠡᠬᠦ ᠢᠳᠡᠪᠬᠢ ᠴᠢᠨᠠᠷ ᠲᠠᠢ ᠪᠠᠢᠵᠤ᠂ ᠨᠢᠭᠡᠳᠪᠦᠷᠢ2 ᠨᠢMethicillin ᠡᠮ ᠳ᠋ᠤ᠌ ᠲᠡᠰᠪᠦᠷᠢᠲᠡᠢ ᠪᠠᠺᠲ᠋ᠧᠷᠢ ᠵᠢ ᠡᠰᠡᠷᠭᠦᠴᠡᠬᠦ ᠢᠳᠡᠪᠬᠢ ᠴᠢᠨᠠᠷ ᠲᠠᠢ᠃