ᠬᠤᠭᠤᠴᠠᠭᠠᠲᠦ ᠰᠡᠳᠭᠦᠯ
>
ᠥᠪᠦᠷ ᠮᠣᠩᠭᠤᠯ ᠤ᠋ᠨ ᠮᠠᠯ ᠠᠵᠤ ᠠᠬᠤᠢ
>
ᠰᠢᠨᠵᠢᠶᠠᠩ ᠤ᠋ᠨ ᠮᠠᠯ ᠠᠵᠤ ᠠᠬᠤᠢ
>
ᠰᠢᠨᠵᠢᠯᠡᠬᠦ ᠤᠬᠠᠭᠠᠨ ᠠᠮᠢᠳᠤᠷᠠᠯ
>
ᠥᠪᠦᠷ ᠮᠣᠩᠭᠤᠯ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ
>
ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠪᠠᠢᠭᠠᠯᠢ ᠶ᠋ᠢᠨ ᠰᠢᠨᠵᠢᠯᠡ
>
ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠮᠣᠩᠭᠤᠯ ᠠᠨᠠᠭᠠᠬᠤ ᠤᠬᠠᠭᠠ
>
ᠮᠣᠩᠭᠤᠯ ᠠᠳᠤᠭᠤ
>
ᠥᠪᠦᠷ ᠮᠣᠩᠭᠤᠯ ᠤ᠋ᠨ ᠮᠠᠯ ᠠᠵᠤ ᠠᠬᠤᠢ ᠵᠢᠨ ᠰᠢᠨᠵᠢᠯᠡᠬᠦ ᠤᠬᠠᠭᠠᠨ
>
ᠥᠪᠦᠷ ᠮᠣᠩᠭᠤᠯ ᠤ᠋ᠨ ᠮᠠᠯ ᠡᠮᠨᠡᠯᠭᠡ
>
ᠲᠣᠭᠠᠨ ᠤ᠋ ᠤᠬᠠᠭᠠᠨ ᠤ᠋ ᠭᠠᠷ ᠪᠢᠴᠢᠮᠡᠯ
>
ᠥᠪᠦᠷ ᠮᠣᠩᠭᠤᠯ ᠤ᠋ᠨ ᠦᠨᠳᠦᠰᠦᠲᠡᠨ ᠦ᠌ ᠡᠮᠨᠡᠯᠭᠡ ᠶ᠋ᠢᠨ ᠳᠡᠭᠡᠳᠦ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ

ᠮᠣᠩᠭᠤᠯ ᠠᠨᠠᠭᠠᠬᠤ ᠤᠬᠠᠭᠠᠨ ᠤ᠋ ᠲᠡᠦᠬᠡᠨ ᠰᠤᠷᠪᠤᠯᠵᠢ ᠪᠢᠴᠢᠭ ᠦ᠋ᠨ ᠠᠭᠤᠯᠭ᠎ᠠ ᠵᠢ ᠳ᠋ᠢᠭᠢᠲ᠋ᠵᠢᠭᠦᠯᠬᠦ︽ ᠤᠭ ᠳ᠋ᠠᠢᠲ᠋ᠠ︾ ᠨᠤᠭᠤᠳ ᠢ᠋ ᠳᠦᠷᠢᠮᠵᠢᠭᠦᠯᠬᠦ ᠨᠢ

ᠢᠷᠡᠯᠲᠡ: ᠪᠠᠢᠭᠠᠯᠢ ᠶ᠋ᠢᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠰᠢᠨᠵᠢᠯᠡᠬᠦ ᠤᠬᠠᠭᠠᠨ -> 201400
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/08/30
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠴᠠ᠊ ᠦᠷᠥᠯᠮ᠎ᠠ᠂ ᠪᠣᠣ ᠬᠠᠰᠤᠨ
ᠵᠠᠩᠭᠢᠯᠠᠭ᠎ᠠ ᠦᠭᠡ᠄ ᠮᠣᠩᠭᠤᠯ ᠠᠨᠠᠭᠠᠬᠤ ᠤᠬᠠᠭᠠᠨ︔ ᠲᠡᠦᠬᠡᠨ ᠰᠤᠷᠪᠤᠯᠵᠢ ᠪᠢᠴᠢᠭ︔ ᠤᠭ ᠳ᠋ᠠᠢᠲ᠋ᠠ︔ ᠳᠦᠷᠢᠮᠵᠢᠭᠦᠯᠬᠦ ᠪᠠᠷᠢᠮᠵᠢᠶ᠎ᠠ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠮᠣᠩᠭᠤᠯ ᠠᠨᠠᠭᠠᠬᠤ ᠤᠬᠠᠭᠠᠨ ᠤ᠋ ᠲᠡᠦᠬᠡᠨ ᠰᠤᠷᠪᠤᠯᠵᠢ ᠪᠢᠴᠢᠭ ᠦ᠋ᠨ ᠰᠤᠳᠤᠯᠭᠠᠨ ᠪᠣᠯ ᠮᠣᠩᠭᠤᠯ ᠠᠨᠠᠭᠠᠬᠤ ᠤᠬᠠᠭᠠᠨ ᠢ᠋ ᠤᠯᠠᠮᠵᠢᠯᠠᠨ ᠬᠥᠭᠵᠢᠭᠦᠯᠬᠦ ᠴᠢᠬᠤᠯᠠ ᠰᠠᠭᠤᠷᠢ ᠰᠤᠳᠤᠯᠭᠠᠨ ᠪᠣᠯᠤᠨ᠎ᠠ᠃ ᠮᠣᠩᠭᠤᠯ ᠠᠨᠠᠭᠠᠬᠤ ᠤᠬᠠᠭᠠᠨ ᠤ᠋ ᠲᠡᠦᠬᠡᠨ ᠰᠤᠷᠪᠤᠯᠵᠢ ᠪᠢᠴᠢᠭ ᠢ᠋ ᠳ᠋ᠢᠭᠢᠲ᠋ᠵᠢᠭᠦᠯᠬᠦ ᠰᠤᠳᠤᠯᠭᠠᠨ ᠪᠣᠯ ᠰᠤᠷᠪᠤᠯᠵᠢ ᠪᠢᠴᠢᠭ ᠶᠤᠮ ᠡᠮᠬᠢᠳᠭᠡᠬᠦ ᠰᠤᠳᠤᠯᠭᠠᠨ ᠤ᠋ ᠦᠷᠭᠦᠯᠵᠢᠯᠡᠯ ᠪᠣᠯᠤᠨ᠎ᠠ᠃ ᠲᠤᠰ ᠥᠭᠦᠯᠡᠯ ᠳ᠋ᠤ᠌ ᠮᠣᠩᠭᠤᠯ ᠲᠥᠪᠡᠳ ᠠᠨᠠᠭᠠᠬᠤ ᠤᠬᠠᠭᠠᠨ ᠤ᠋ ᠲᠡᠦᠬᠡᠨ ᠰᠤᠷᠪᠤᠯᠵᠢ ᠪᠢᠴᠢᠭ ᠦ᠋ᠨ ᠠᠭᠤᠯᠭ᠎ᠠ ᠵᠢ ᠳ᠋ᠢᠭᠢᠲ᠋ᠵᠢᠭᠦᠯᠬᠦ ᠵᠠᠩᠭᠢᠯᠠᠭ᠎ᠠ ᠶ᠋ᠢᠨ ᠮᠡᠷᠭᠡᠵᠢᠯ︱︽ ᠤᠭ ᠳ᠋ᠠᠢᠲ᠋ᠠ︾ ᠵᠢ ᠡᠭᠦᠳᠦᠨ ᠳᠦᠷᠢᠮᠵᠢᠭᠦᠯᠬᠦ ᠶ᠋ᠢᠨ ᠴᠢᠬᠤᠯᠠ ᠴᠢᠨᠠᠷ ᠢ᠋ ᠵᠢᠭᠠᠨ᠂︽ ᠤᠭ ᠳ᠋ᠠᠢᠲ᠋ᠠ︾ ᠵᠢ ᠲᠣᠭᠲᠠᠭᠠᠨ ᠳᠦᠷᠢᠮᠵᠢᠭᠦᠯᠬᠦ ᠳᠥᠷᠪᠡᠨ ᠪᠠᠷᠢᠮᠵᠢᠶ᠎ᠠ᠄︽ ᠤᠭ ᠳ᠋ᠠᠢᠲ᠋ᠠ︾ ᠨᠢ ᠡᠷᠬᠡᠪᠰᠢ ᠮᠣᠩᠭᠤᠯ ᠠᠨᠠᠭᠠᠬᠤ ᠤᠬᠠᠭᠠᠨ ᠤ᠋ ᠣᠨᠤᠯ ᠪᠠ ᠡᠮᠴᠢᠯᠡᠭᠡᠨ ᠤ᠋ ᠣᠨᠴᠠᠯᠢᠭ ᠲᠠᠢ ᠵᠣᠬᠢᠴᠠᠯᠳᠤᠭᠰᠠᠨ ᠪᠠᠢᠬᠤ ᠬᠡᠷᠡᠭᠲᠡᠢ︔ ᠮᠣᠩᠭᠤᠯ ᠠᠨᠠᠭᠠᠬᠤ ᠤᠬᠠᠭᠠᠨ ᠤ᠋ ᠬᠠᠮᠢᠶ᠎ᠠ ᠪᠦᠬᠦᠢ ᠲᠡᠦᠬᠡᠨ ᠰᠤᠷᠪᠤᠯᠵᠢ ᠪᠢᠴᠢᠭ ᠦ᠋ᠳ ᠢ᠋ ᠰᠢᠨᠵᠢᠯᠡᠨ ᠰᠤᠳᠤᠯᠵᠤ᠂︽ ᠤᠭ ᠳ᠋ᠠᠢᠲ᠋ᠠ︾ ᠵᠢ ᠵᠢ ᠲᠣᠭᠲᠠᠭᠠᠬᠤ ᠬᠡᠷᠡᠭᠲᠡᠢ᠂ ᠬᠠᠷᠢᠨ ᠳ᠋ᠠᠩ ᠭᠠᠭᠴᠠᠬᠠᠨ ᠰᠤᠷᠪᠤᠯᠵᠢ ᠪᠢᠴᠢᠭ ᠢ᠋ᠶ᠋ᠡᠷ ᠬᠢᠨᠠᠯᠲᠠ ᠪᠣᠯᠭᠠᠵᠤ ᠲᠣᠭᠲᠠᠭᠠᠵᠤ ᠪᠣᠯᠬᠤ ᠦᠭᠡᠢ︔ ᠬᠡᠷᠡᠭᠯᠡᠭᠴᠢᠳ ᠠᠰᠢᠭᠯᠠᠬᠤ ᠳ᠋ᠤ᠌ ᠳᠥᠭᠦᠮ ᠪᠠᠢᠯᠭᠠᠬᠤ ᠬᠡᠷᠡᠭᠲᠡᠢ︔︽ ᠤᠭ ᠳ᠋ᠠᠢᠲ᠋ᠠ︾ ᠨᠢ ᠡᠷᠬᠡᠪᠰᠢ ᠣᠷᠴᠢᠨ ᠦᠶ᠎ᠡ ᠶ᠋ᠢᠨ ᠮᠣᠩᠭᠤᠯ ᠠᠨᠠᠭᠠᠬᠤ ᠤᠬᠠᠭᠠᠨ ᠤ᠋ ᠨᠡᠷᠡᠰ ᠦᠭᠡᠰ ᠪᠠᠢᠬᠤ ᠬᠡᠷᠡᠭᠲᠡᠢ ᠵᠡᠷᠭᠡ ᠪᠠᠷᠢᠮᠵᠢᠶ᠎ᠠ ᠵᠢ ᠳᠤᠷᠠᠳᠤᠨ ᠨᠠᠷᠢᠯᠢᠭ ᠲᠠᠨᠢᠯᠴᠠᠭᠤᠯᠤᠨ᠂ ᠪᠠᠰᠠ ᠤᠳᠭ᠎ᠠ ᠨᠢ ᠣᠢᠷᠠᠯᠴᠠᠭ᠎ᠠ ᠰᠢᠭ᠋︽ ᠤᠭ ᠳ᠋ᠠᠢᠲ᠋ᠠ︾ ᠵᠢ ᠬᠣᠭᠤᠷᠤᠨᠳᠤ ᠨᠢ ᠬᠠᠷᠢᠴᠠᠭᠤᠯᠵᠤ ᠢᠯᠭᠠᠨ ᠲᠠᠢᠯᠪᠤᠷᠢᠯᠠᠵᠠᠢ᠃