ᠬᠤᠭᠤᠴᠠᠭᠠᠲᠦ ᠰᠡᠳᠭᠦᠯ
>
ᠥᠪᠦᠷ ᠮᠣᠩᠭᠤᠯ ᠤ᠋ᠨ ᠮᠠᠯ ᠠᠵᠤ ᠠᠬᠤᠢ
>
ᠰᠢᠨᠵᠢᠶᠠᠩ ᠤ᠋ᠨ ᠮᠠᠯ ᠠᠵᠤ ᠠᠬᠤᠢ
>
ᠰᠢᠨᠵᠢᠯᠡᠬᠦ ᠤᠬᠠᠭᠠᠨ ᠠᠮᠢᠳᠤᠷᠠᠯ
>
ᠥᠪᠦᠷ ᠮᠣᠩᠭᠤᠯ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ
>
ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠪᠠᠢᠭᠠᠯᠢ ᠶ᠋ᠢᠨ ᠰᠢᠨᠵᠢᠯᠡ
>
ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠮᠣᠩᠭᠤᠯ ᠠᠨᠠᠭᠠᠬᠤ ᠤᠬᠠᠭᠠ
>
ᠮᠣᠩᠭᠤᠯ ᠠᠳᠤᠭᠤ
>
ᠥᠪᠦᠷ ᠮᠣᠩᠭᠤᠯ ᠤ᠋ᠨ ᠮᠠᠯ ᠠᠵᠤ ᠠᠬᠤᠢ ᠵᠢᠨ ᠰᠢᠨᠵᠢᠯᠡᠬᠦ ᠤᠬᠠᠭᠠᠨ
>
ᠥᠪᠦᠷ ᠮᠣᠩᠭᠤᠯ ᠤ᠋ᠨ ᠮᠠᠯ ᠡᠮᠨᠡᠯᠭᠡ
>
ᠲᠣᠭᠠᠨ ᠤ᠋ ᠤᠬᠠᠭᠠᠨ ᠤ᠋ ᠭᠠᠷ ᠪᠢᠴᠢᠮᠡᠯ
>
ᠥᠪᠦᠷ ᠮᠣᠩᠭᠤᠯ ᠤ᠋ᠨ ᠦᠨᠳᠦᠰᠦᠲᠡᠨ ᠦ᠌ ᠡᠮᠨᠡᠯᠭᠡ ᠶ᠋ᠢᠨ ᠳᠡᠭᠡᠳᠦ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ

ᠡᠷᠳᠡᠨᠢ ᠦᠷᠢᠯ ᠢ᠋ ᠠᠭᠠᠷᠤ-35 ᠲᠠᠢ ᠬᠠᠪᠰᠤᠷᠤᠭᠤᠯᠵᠤ ᠬᠡᠷᠡᠭᠯᠡᠬᠦ ᠡᠮᠴᠢᠯᠡᠭᠡᠨ ᠤ᠋ ᠦᠢᠯᠡᠳᠦᠯᠭᠡ ᠳᠤᠮᠳᠠ ᠢᠯᠡᠷᠡᠭᠰᠡᠨ ᠰᠦᠷᠦᠩᠵᠠᠪ ᠫᠷᠣᠹᠧᠰᠰᠣᠷ ᠦ᠋ᠨ ᠡᠷᠳᠡᠮ ᠰᠢᠨᠵᠢᠯᠡᠭᠡᠨ ᠤ᠋ ᠦᠵᠡᠯ ᠰᠠᠨᠠᠭ᠎ᠠ

ᠢᠷᠡᠯᠲᠡ: ᠪᠠᠢᠭᠠᠯᠢ ᠶ᠋ᠢᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠰᠢᠨᠵᠢᠯᠡᠬᠦ ᠤᠬᠠᠭᠠᠨ -> 201400
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/08/30
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠰᠦᠩ ᠯᠢᠨ
ᠵᠠᠩᠭᠢᠯᠠᠭ᠎ᠠ ᠦᠭᠡ᠄ ᠡᠷᠳᠡᠨᠢ ᠦᠷᠢᠯ︔ ᠠᠭᠠᠷᠤ-35︔ ᠰᠦᠷᠦᠩᠵᠠᠪ︔ ᠡᠷᠳᠡᠮ ᠰᠢᠨᠵᠢᠯᠡᠭᠡᠨ ᠤ᠋ ᠦᠵᠡᠯ ᠰᠠᠨᠠᠭ᠎ᠠ︔ ᠨᠠᠢᠷᠠᠯᠭ᠎ᠠ ᠪᠦᠷᠢᠯᠳᠦᠬᠦ ᠵᠢᠮ᠎ᠡ ᠶᠣᠰᠤ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠲᠤᠰ ᠥᠭᠦᠯᠡᠯ ᠳ᠋ᠤ᠌ ᠰᠦᠷᠦᠩᠵᠠᠪ ᠫᠷᠣᠹᠧᠰᠰᠣᠷ ᠦ᠋ᠨ ᠡᠮ ᠬᠡᠷᠡᠭᠯᠡᠬᠦ ᠭᠠᠷ ᠠᠪᠤᠯᠭ᠎ᠠ ᠳᠣᠲᠤᠷ᠎ᠠ ᠠ᠋ᠴᠠ ᠡᠷᠳᠡᠨᠢ ᠦᠷᠢᠯ ᠢ᠋ ᠠᠭᠠᠷᠤ-35 ᠲᠠᠢ ᠬᠠᠪᠰᠤᠷᠤᠭᠤᠯᠵᠤ ᠬᠡᠷᠡᠭᠯᠡᠬᠦ ᠡᠷᠳᠡᠮ ᠰᠢᠨᠵᠢᠯᠡᠭᠡᠨ ᠤ᠋ ᠦᠵᠡᠯ ᠰᠠᠨᠠᠭ᠎ᠠ ᠵᠢ ᠥᠭᠦᠯᠡᠬᠦ ᠵᠢ ᠵᠣᠷᠢᠪᠠ᠃ ᠳ᠋ᠣᠺᠲ᠋ᠣᠷᠠᠨᠲ ᠤ᠋ᠨ ᠦᠷᠭᠦᠯᠵᠢᠯᠡᠭᠰᠡᠨ ᠰᠤᠳᠤᠯᠭᠠᠨ ᠤ᠋ ᠲᠠᠰᠢᠷᠠᠮ ᠢ᠋ᠶ᠋ᠠᠷ ᠲᠤᠰᠭᠠᠢ ᠰᠡᠳᠦᠪ ᠢ᠋ᠶ᠋ᠠᠷ ᠠᠰᠠᠭᠤᠨ ᠰᠤᠷᠪᠤᠯᠵᠢᠯᠠᠬᠤ ᠠᠷᠭ᠎ᠠ ᠪᠣᠯᠤᠨ ᠪᠠᠭᠰᠢ ᠪᠠᠨ ᠳᠠᠭᠠᠵᠤ ᠡᠭᠦᠳᠡᠨ ᠡᠮᠨᠡᠯᠭᠡ ᠳ᠋ᠤ᠌ ᠡᠪᠡᠳᠴᠢᠨ ᠦᠵᠡᠬᠦ ᠬᠢᠭᠡᠳ ᠡᠪᠡᠳᠴᠢᠨ ᠤ᠋ ᠲᠡᠦᠬᠡ ᠵᠢ ᠡᠮᠬᠢᠳᠭᠡᠬᠦ ᠶᠠᠪᠤᠴᠠ ᠲᠠᠢ ᠤᠶᠠᠯᠳᠤᠭᠤᠯᠤᠨ ᠡᠷᠳᠡᠨᠢ ᠦᠷᠢᠯ ᠢ᠋ ᠠᠭᠠᠷᠤ-35 ᠲᠠᠢ ᠬᠠᠮᠲᠤ ᠬᠡᠷᠡᠭᠯᠡᠬᠦ ᠭᠠᠷ ᠠᠪᠤᠯᠭ᠎ᠠ ᠵᠢ ᠨᠢ ᠭᠦᠨᠵᠡᠭᠡᠢᠷᠡᠭᠦᠯᠦᠨ ᠰᠤᠳᠤᠯᠵᠤ᠂ ᠡᠮᠴᠢᠯᠡᠭᠡᠨ ᠤ᠋ ᠦᠢᠯᠡᠳᠦᠯᠭᠡ ᠳᠤᠮᠳᠠ ᠢᠯᠡᠷᠡᠭᠰᠡᠨ ᠡᠷᠳᠡᠮ ᠰᠢᠨᠵᠢᠯᠡᠭᠡᠨ ᠤ᠋ ᠦᠵᠡᠯ ᠰᠠᠨᠠᠭ᠎ᠠ ᠵᠢ ᠳ᠋ᠦᠩᠨᠡᠵᠡᠢ᠃ ᠡᠷᠳᠡᠨᠢ ᠦᠷᠢᠯ ᠢ᠋ ᠠᠭᠠᠷᠤ-35ᠲᠠᠢ ᠬᠠᠮᠲᠤ ᠬᠡᠷᠡᠭᠯᠡᠬᠦ ᠭᠠᠷ ᠠᠪᠤᠯᠭ᠎ᠠ ᠳ᠋ᠤ᠌ ᠢᠯᠡᠷᠡᠭᠰᠡᠨ ᠰᠦᠷᠦᠩᠵᠠᠪ ᠪᠠᠭᠰᠢ ᠶ᠋ᠢᠨ ᠡᠷᠳᠡᠮ ᠰᠢᠨᠵᠢᠯᠡᠭᠡᠨ ᠤ᠋ ᠦᠵᠡᠯ ᠰᠠᠨᠠᠭ᠎ᠠ ᠪᠣᠯ ᠭᠣᠣᠯᠳᠠᠭᠤ ᠠᠷᠭ᠎ᠠ ᠪᠢᠯᠢᠭ ᠢ᠋ᠶ᠋ᠠᠷ ᠰᠠᠭᠤᠷᠢᠯᠠᠭᠰᠠᠨ ᠮᠣᠩᠭᠤᠯ ᠠᠨᠠᠭᠠᠬᠤ ᠤᠬᠠᠭᠠᠨ ᠤ᠋ ᠬᠣᠷᠸ᠎ᠠ ᠪᠦᠬᠦᠯᠢ ᠴᠣᠭᠴᠠᠲᠤ ᠦᠵᠡᠯᠲᠡ ᠶ᠋ᠢᠨ ᠵᠢᠯᠤᠭᠤᠳᠤᠯᠭ᠎ᠠ ᠳᠣᠣᠷᠠᠬᠢ ᠮᠠᠬᠠᠪᠤᠳ ᠤ᠋ᠨ ᠲᠡᠩᠴᠡᠭᠦᠷᠢ ᠵᠢ ᠴᠢᠬᠤᠯᠠᠴᠢᠯᠠᠭᠰᠠᠨ ᠡᠮᠴᠢᠯᠡᠭᠡᠨ ᠤ᠋ ᠦᠵᠡᠯ ᠰᠠᠨᠠᠭ᠎ᠠ ᠪᠣᠯᠤᠨ᠎ᠠ᠂ ᠲᠤᠬᠠᠢᠯᠠᠪᠠᠯ ᠲᠡᠢᠨ ᠮᠡᠳᠡᠷᠡᠯ ᠦ᠋ᠨ ᠪᠦᠬᠦ ᠪᠡᠶ᠎ᠡ ᠵᠢ ᠵᠢᠯᠤᠭᠤᠳᠬᠤ ᠠᠵᠢᠯᠯᠠᠭ᠎ᠠ ᠵᠢ ᠪᠠᠲᠤᠯᠠᠵᠤ᠂ ᠭᠤᠷᠪᠠᠨ ᠮᠠᠬᠠᠪᠤᠳ ᠤ᠋ᠨ ᠲᠡᠩᠴᠡᠭᠦᠷᠢ ᠵᠢ ᠠᠩᠬᠠᠷᠴᠤ ᠲᠤᠩᠭᠠᠯᠠᠭ ᠴᠥᠪ ᠦ᠋ᠨ ᠢᠯᠭᠠᠷᠠᠯᠲᠠ ᠶ᠋ᠢᠨ ᠡᠬᠢ ᠰᠤᠷᠪᠤᠯᠵᠢ ᠵᠢ ᠬᠠᠮᠠᠭᠠᠯᠠᠨ᠂ ᠬᠡᠢ ᠶ᠋ᠢᠨ ᠭᠦᠶᠦᠳᠡᠯ ᠢ᠋ ᠢᠯᠭᠤᠮ ᠪᠣᠯᠭᠠᠵᠤ ᠵᠠᠰᠠᠬᠤ ᠡᠮᠴᠢᠯᠡᠭᠡᠨ ᠤ᠋ ᠦᠵᠡᠯ ᠰᠠᠨᠠᠭ᠎ᠠ ᠪᠣᠯᠤᠨ᠎ᠠ᠃ ᠬᠣᠶᠠᠷ ᠨᠠᠢᠷᠯᠠᠭ᠎ᠠ ᠵᠢ ᠬᠠᠮᠲᠤ ᠬᠡᠷᠡᠭᠯᠡᠬᠦ ᠠᠷᠭ᠎ᠠ ᠪᠣᠯ ᠰᠦᠷᠦᠩᠵᠠᠪ ᠡᠮᠴᠢ ᠶ᠋ᠢᠨ ᠭᠠᠷ ᠠᠪᠤᠯᠭ᠎ᠠ ᠶ᠋ᠢᠨ ᠬᠢᠨᠢ ᠴᠢᠬᠤᠯᠠ ᠠᠭᠤᠯᠭ᠎ᠠ ᠬᠢᠭᠡᠳ ᠣᠨᠴᠠᠯᠢᠭ ᠪᠣᠯᠤᠨ᠎ᠠ᠃ ᠲᠤᠰ ᠬᠣᠶᠠᠷ ᠨᠠᠢᠷᠠᠯᠭ᠎ᠠ ᠵᠢ ᠬᠠᠮᠲᠤ ᠬᠡᠷᠡᠭᠯᠡᠭᠰᠡᠨ ᠢ᠋ᠶ᠋ᠡᠷ ᠴᠥᠪ ᠦ᠋ᠨ ᠢᠯᠭᠠᠷᠠᠯᠲᠠ ᠵᠢ ᠠᠬᠢᠭᠤᠯᠤᠨ᠂ ᠬᠡᠢ ᠶ᠋ᠢᠨ ᠭᠦᠶᠦᠳᠡᠯ ᠢ᠋ ᠰᠠᠢᠵᠢᠷᠠᠭᠤᠯᠳᠠᠭ ᠴᠢᠳᠠᠯ ᠲᠠᠢ ᠪᠣᠯᠵᠤ᠂ ᠪᠦᠬᠦ ᠪᠡᠶ᠎ᠡ ᠶ᠋ᠢᠨ ᠴᠢᠨᠠᠷᠲᠠᠢ ᠡᠪᠡᠳᠴᠢᠨ ᠭᠡᠮ ᠢ᠋ ᠳᠠᠷᠤᠵᠤ ᠳᠡᠢᠯᠬᠦ ᠶᠡᠷᠦᠩᠬᠡᠢ ᠶᠡᠷᠦᠨᠳᠡᠭ ᠪᠣᠯᠵᠤ ᠴᠢᠳᠠᠭᠰᠠᠨ ᠪᠠᠢᠨ᠎ᠠ᠃ ᠲᠤᠰ ᠥᠭᠦᠯᠡᠯ ᠳ᠋ᠤ᠌ ᠰᠦᠷᠦᠩᠵᠠᠪ ᠪᠠᠭᠰᠢ ᠶ᠋ᠢᠨ ᠭᠠᠷ ᠠᠪᠤᠯᠭ᠎ᠠ ᠠ᠋ᠴᠠ ᠲᠡᠭᠦᠨ ᠤ᠋ ᠡᠮᠨᠡᠬᠦ ᠦᠵᠡᠯ ᠰᠠᠨᠠᠭ᠎ᠠ ᠵᠢ ᠮᠥᠷᠳᠡᠨ ᠭᠠᠷᠭᠠᠵᠠᠢ᠃