ᠬᠤᠭᠤᠴᠠᠭᠠᠲᠦ ᠰᠡᠳᠭᠦᠯ
>
ᠥᠪᠦᠷ ᠮᠣᠩᠭᠤᠯ ᠤ᠋ᠨ ᠮᠠᠯ ᠠᠵᠤ ᠠᠬᠤᠢ
>
ᠰᠢᠨᠵᠢᠶᠠᠩ ᠤ᠋ᠨ ᠮᠠᠯ ᠠᠵᠤ ᠠᠬᠤᠢ
>
ᠰᠢᠨᠵᠢᠯᠡᠬᠦ ᠤᠬᠠᠭᠠᠨ ᠠᠮᠢᠳᠤᠷᠠᠯ
>
ᠥᠪᠦᠷ ᠮᠣᠩᠭᠤᠯ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ
>
ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠪᠠᠢᠭᠠᠯᠢ ᠶ᠋ᠢᠨ ᠰᠢᠨᠵᠢᠯᠡ
>
ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠮᠣᠩᠭᠤᠯ ᠠᠨᠠᠭᠠᠬᠤ ᠤᠬᠠᠭᠠ
>
ᠮᠣᠩᠭᠤᠯ ᠠᠳᠤᠭᠤ
>
ᠥᠪᠦᠷ ᠮᠣᠩᠭᠤᠯ ᠤ᠋ᠨ ᠮᠠᠯ ᠠᠵᠤ ᠠᠬᠤᠢ ᠵᠢᠨ ᠰᠢᠨᠵᠢᠯᠡᠬᠦ ᠤᠬᠠᠭᠠᠨ
>
ᠥᠪᠦᠷ ᠮᠣᠩᠭᠤᠯ ᠤ᠋ᠨ ᠮᠠᠯ ᠡᠮᠨᠡᠯᠭᠡ
>
ᠲᠣᠭᠠᠨ ᠤ᠋ ᠤᠬᠠᠭᠠᠨ ᠤ᠋ ᠭᠠᠷ ᠪᠢᠴᠢᠮᠡᠯ
>
ᠥᠪᠦᠷ ᠮᠣᠩᠭᠤᠯ ᠤ᠋ᠨ ᠦᠨᠳᠦᠰᠦᠲᠡᠨ ᠦ᠌ ᠡᠮᠨᠡᠯᠭᠡ ᠶ᠋ᠢᠨ ᠳᠡᠭᠡᠳᠦ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ

ᠮᠣᠩᠭᠤᠯ ᠡᠮ ᠦ᠋ᠨ ᠨᠣᠮᠣᠬᠠᠳᠭᠠᠯ ᠤ᠋ᠨ ᠤᠭ ᠶᠣᠰᠤᠨ ᠤ᠋ ᠲᠤᠬᠠᠢ ᠳᠥᠭᠦᠮ ᠥᠭᠦᠯᠡᠬᠦ ᠨᠢ

ᠢᠷᠡᠯᠲᠡ: ᠪᠠᠢᠭᠠᠯᠢ ᠶ᠋ᠢᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠰᠢᠨᠵᠢᠯᠡᠬᠦ ᠤᠬᠠᠭᠠᠨ -> 201702
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/08/31
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠰᠡᠴᠡᠨᠲᠤᠶᠠᠭ᠎ᠠ᠂ ᠪᠠᠢ ᠴᠠᠩ ᠰᠢ
ᠵᠠᠩᠭᠢᠯᠠᠭ᠎ᠠ ᠦᠭᠡ᠄ ᠮᠣᠩᠭᠤᠯ ᠡᠮ ᠦ᠋ᠨ ᠨᠣᠮᠣᠬᠠᠳᠭᠠᠯ︔ ᠨᠣᠮᠤᠬᠠᠳᠭᠠᠬᠤ ᠵᠣᠷᠢᠯᠭ᠎ᠠ︔ ᠨᠣᠮᠤᠬᠠᠳᠭᠠᠬᠤ ᠤᠭ ᠶᠣᠰᠤ︔ ᠬᠣᠣᠷ ᠢ᠋ ᠪᠠᠭᠤᠷᠠᠭᠤᠯᠬᠤ︔ ᠴᠢᠨᠠᠷ ᠢ᠋ ᠬᠤᠪᠢᠷᠠᠭᠤᠯᠬᠤ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠮᠣᠩᠭᠤᠯ ᠡᠮ ᠦ᠋ᠨ ᠨᠣᠮᠣᠬᠠᠳᠭᠠᠯ ᠨᠢ ᠥᠪᠡᠷᠮᠢᠴᠡ ᠣᠨᠴᠠᠯᠢᠭ ᠲᠠᠢ᠂ ᠮᠥᠨ ᠮᠣᠩᠭᠤᠯ ᠡᠮ ᠦ᠋ᠨ ᠦᠨᠳᠦᠰᠦᠨ ᠣᠨᠴᠠᠯᠢᠭ ᠤ᠋ᠨ ᠨᠢᠭᠡ ᠪᠣᠯᠵᠤ᠂ ᠮᠣᠩᠭᠤᠯ ᠡᠮ ᠡᠮᠨᠡᠯᠭᠡ ᠶ᠋ᠢᠨ ᠴᠢᠬᠤᠯᠠ ᠨᠢᠭᠡ ᠪᠦᠷᠢᠯᠳᠦᠬᠦᠨ ᠬᠡᠰᠡᠭ ᠪᠥᠭᠡᠳ ᠮᠠᠷᠲᠠᠵᠤ ᠪᠣᠯᠤᠰᠢ ᠦᠭᠡᠢ ᠮᠣᠩᠭᠤᠯ ᠰᠣᠶᠤᠯ ᠤ᠋ᠨ ᠨᠢᠭᠡ ᠪᠣᠯᠤᠨ᠎ᠠ᠃ ᠲᠡᠷᠡ ᠨᠢ ᠣᠯᠠᠨ ᠮᠢᠩᠭᠠᠨ ᠵᠢᠯ ᠤ᠋ᠨ ᠲᠤᠷᠰᠢ ᠮᠣᠩᠭᠤᠯ ᠡᠮ ᠦ᠋ᠨ ᠠᠶᠤᠯᠭᠦᠢ ᠴᠢᠨᠠᠷ ᠪᠣᠯᠤᠨ ᠠᠴᠢ ᠲᠤᠰᠠᠲᠠᠢ ᠴᠢᠨᠠᠷ ᠢ᠋ ᠪᠠᠲᠤᠯᠠᠬᠤ ᠳ᠋ᠤ᠌ ᠴᠢᠬᠤᠯᠠ ᠦᠢᠯᠡᠳᠦᠯ ᠦᠵᠡᠭᠦᠯᠦᠭᠰᠡᠭᠡᠷ ᠢᠷᠡᠵᠡᠢ᠃ ᠮᠣᠩᠭᠤᠯ ᠡᠮ ᠦ᠋ᠨ ᠨᠣᠮᠣᠬᠠᠳᠭᠠᠯ ᠨᠢ ᠠᠶᠤᠯᠭᠦᠢ ᠴᠢᠨᠠᠷ ᠪᠣᠯᠤᠨ ᠠᠴᠢ ᠲᠤᠰᠠᠲᠠᠢ ᠴᠢᠨᠠᠷ ᠢ᠋ ᠪᠠᠲᠤᠯᠠᠬᠤ ᠪᠠᠷ ᠭᠣᠣᠯ ᠵᠣᠷᠢᠯᠭ᠎ᠠ ᠪᠠᠨ ᠪᠣᠯᠭᠠᠵᠤ ᠪᠠᠢᠭ᠎ᠠ ᠪᠣᠯᠪᠠᠴᠤ ᠣᠳᠣ ᠳ᠋ᠤ᠌ ᠮᠥᠨ ᠯᠡ ᠲᠤᠷᠰᠢᠯᠭ᠎ᠠ ᠳ᠋ᠠᠭᠠᠨ ᠲᠦᠰᠢᠭᠯᠡᠵᠦ ᠮᠠᠭᠠᠳᠯᠠᠬᠤ ᠵᠢᠭᠠᠯᠲᠠ ᠪᠣᠯᠭᠠᠵᠤ᠂ ᠣᠯᠠᠨ ᠶᠠᠩᠵᠤᠲᠤ ᠴᠢᠨᠠᠷ᠂ ᠣᠷᠤᠨ ᠨᠤᠲᠤᠭ ᠤ᠋ᠨ ᠣᠨᠴᠠᠯᠢᠭ ᠲᠠᠢ ᠪᠠᠢᠵᠤ᠂ ᠳᠦᠷᠢᠮᠵᠢᠭᠰᠡᠨ ᠦᠭᠡᠢ᠂ ᠲᠣᠭᠲᠠᠭᠰᠠᠨ ᠪᠠᠷᠢᠮᠵᠢᠶ᠎ᠠ ᠦᠭᠡᠢ᠂ ᠣᠳᠣ ᠦᠶ᠎ᠡ ᠶ᠋ᠢᠨ ᠰᠢᠨᠵᠢᠯᠡᠬᠦ ᠤᠬᠠᠭᠠᠨᠴᠢ ᠭᠡᠷᠡᠴᠢ ᠪᠠᠷᠢᠮᠲᠠ ᠪᠠᠷ ᠳᠤᠲᠠᠮᠠᠭ ᠪᠠᠢᠭᠰᠠᠭᠠᠷ︔ ᠮᠣᠩᠭᠤᠯ ᠡᠮ ᠦ᠋ᠨ ᠴᠢᠨᠠᠷ ᠴᠢᠨᠰᠠᠭ᠎ᠠ ᠶ᠋ᠢᠨ ᠪᠠᠷᠢᠮᠵᠢᠶ᠎ᠠ ᠵᠢ ᠳᠡᠭᠡᠭᠰᠢᠯᠡᠭᠦᠯᠬᠦ᠂ ᠮᠣᠩᠭᠤᠯ ᠡᠮ ᠦ᠋ᠨ ᠣᠳᠣᠬᠢᠴᠢᠯᠠᠯᠲᠠ ᠵᠢ ᠪᠡᠶᠡᠯᠡᠭᠦᠯᠬᠦ ᠶ᠋ᠢᠨ ᠲᠥᠯᠦᠭᠡ ᠣᠯᠠᠨ ᠰᠢᠨᠵᠢᠯᠡᠭᠡᠨ ᠤ᠋ ᠮᠡᠳᠡᠯᠭᠡ ᠵᠢ ᠠᠰᠢᠭᠯᠠᠨ ᠲᠡᠭᠦᠨᠴᠢᠯᠡᠨ ᠢ᠋ ᠰᠤᠳᠤᠯᠵᠤ᠂ ᠲᠡᠭᠦᠨ ᠤ᠋ ᠥᠪᠡᠷᠮᠢᠴᠡ ᠣᠨᠴᠠᠯᠢᠭ ᠢ᠋ ᠬᠠᠮᠠᠭᠠᠯᠠᠬᠤ᠂ ᠤᠯᠠᠮᠵᠢᠯᠠᠬᠤ᠂ ᠬᠥᠭᠵᠢᠭᠦᠯᠬᠦ ᠳ᠋ᠦ᠍ ᠭᠡᠷᠡᠴᠢ ᠪᠠᠷᠢᠮᠲᠠ ᠬᠠᠩᠭᠠᠬᠤ ᠴᠢᠬᠤᠯᠠᠲᠠᠢ᠃ ᠡᠨᠳᠡ ᠣᠳᠣ ᠦᠶ᠎ᠡ ᠶ᠋ᠢᠨ ᠰᠤᠳᠤᠯᠭᠠᠨ ᠤ᠋ ᠮᠡᠳᠡᠭᠦᠯᠦᠯᠲᠡ ᠵᠡᠷᠭᠡ ᠰᠤᠷᠪᠤᠯᠵᠢ ᠪᠢᠴᠢᠭ ᠪᠣᠯᠤᠨ ᠬᠠᠮᠢᠶ᠎ᠠ ᠪᠦᠬᠦᠢ ᠮᠠᠲ᠋ᠧᠷᠢᠶᠠᠯ ᠢ᠋ ᠯᠠᠪᠠᠯᠬᠤ ᠪᠠᠷ ᠳᠠᠮᠵᠢᠨ ᠤᠯᠠᠮᠵᠢᠯᠠᠯᠲᠤ ᠮᠣᠩᠭᠤᠯ ᠡᠮ ᠦ᠋ᠨ ᠨᠣᠮᠣᠬᠠᠳᠭᠠᠯ ᠤ᠋ᠨ ᠵᠣᠷᠢᠯᠭ᠎ᠠ ᠪᠣᠯᠤᠨ ᠤᠭ ᠶᠣᠰᠤᠨ ᠤ᠋ ᠲᠤᠬᠠᠢ ᠣᠢᠯᠠᠭᠠᠯᠲᠠ ᠪᠠᠨ ᠳᠥᠭᠦᠮᠬᠡᠨ ᠥᠭᠦᠯᠡᠪᠡ᠃