ᠬᠤᠭᠤᠴᠠᠭᠠᠲᠦ ᠰᠡᠳᠭᠦᠯ
>
ᠥᠪᠦᠷ ᠮᠣᠩᠭᠤᠯ ᠤ᠋ᠨ ᠮᠠᠯ ᠠᠵᠤ ᠠᠬᠤᠢ
>
ᠰᠢᠨᠵᠢᠶᠠᠩ ᠤ᠋ᠨ ᠮᠠᠯ ᠠᠵᠤ ᠠᠬᠤᠢ
>
ᠰᠢᠨᠵᠢᠯᠡᠬᠦ ᠤᠬᠠᠭᠠᠨ ᠠᠮᠢᠳᠤᠷᠠᠯ
>
ᠥᠪᠦᠷ ᠮᠣᠩᠭᠤᠯ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ
>
ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠪᠠᠢᠭᠠᠯᠢ ᠶ᠋ᠢᠨ ᠰᠢᠨᠵᠢᠯᠡ
>
ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠮᠣᠩᠭᠤᠯ ᠠᠨᠠᠭᠠᠬᠤ ᠤᠬᠠᠭᠠ
>
ᠮᠣᠩᠭᠤᠯ ᠠᠳᠤᠭᠤ
>
ᠥᠪᠦᠷ ᠮᠣᠩᠭᠤᠯ ᠤ᠋ᠨ ᠮᠠᠯ ᠠᠵᠤ ᠠᠬᠤᠢ ᠵᠢᠨ ᠰᠢᠨᠵᠢᠯᠡᠬᠦ ᠤᠬᠠᠭᠠᠨ
>
ᠥᠪᠦᠷ ᠮᠣᠩᠭᠤᠯ ᠤ᠋ᠨ ᠮᠠᠯ ᠡᠮᠨᠡᠯᠭᠡ
>
ᠲᠣᠭᠠᠨ ᠤ᠋ ᠤᠬᠠᠭᠠᠨ ᠤ᠋ ᠭᠠᠷ ᠪᠢᠴᠢᠮᠡᠯ
>
ᠥᠪᠦᠷ ᠮᠣᠩᠭᠤᠯ ᠤ᠋ᠨ ᠦᠨᠳᠦᠰᠦᠲᠡᠨ ᠦ᠌ ᠡᠮᠨᠡᠯᠭᠡ ᠶ᠋ᠢᠨ ᠳᠡᠭᠡᠳᠦ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ

ᠪ ᠠᠯᠲᠠᠨᠪᠠᠭᠠᠨ᠎ᠠ ᠶ᠋ᠢᠨ ᠣᠷᠴᠢᠭᠤᠯᠤᠭᠰᠠᠨ︽ ᠶᠤᠸᠠᠨ ᠤᠯᠤᠰ ᠤ᠋ᠨ ᠬᠠᠤᠯᠢ ᠴᠠᠭᠠᠵᠠ ᠶ᠋ᠢᠨ ᠪᠢᠴᠢᠭ︾ ᠬᠡᠮᠡᠬᠦ ᠰᠤᠷᠪᠤᠯᠵᠢ ᠶ᠋ᠢᠨ ᠲᠤᠬᠠᠢ

ᠢᠷᠡᠯᠲᠡ: ᠪᠠᠢᠭᠠᠯᠢ ᠶ᠋ᠢᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠰᠢᠨᠵᠢᠯᠡᠬᠦ ᠤᠬᠠᠭᠠᠨ -> 201703
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/08/31
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ﹇ ᠮᠣᠩᠭᠤᠯ﹈ ᠠ᠊ ᠫᠣᠩᠰᠤᠭ
ᠵᠠᠩᠭᠢᠯᠠᠭ᠎ᠠ ᠦᠭᠡ᠄ ᠪ ᠠᠯᠲᠠᠨᠪᠠᠭᠠᠨ᠎ᠠ︔ ᠶᠤᠸᠠᠨ ᠤᠯᠤᠰ ᠤ᠋ᠨ ᠬᠠᠤᠯᠢ ᠴᠠᠭᠠᠵᠠ ᠶ᠋ᠢᠨ ᠪᠢᠴᠢᠭ︔ ᠲᠡᠭᠦᠨ ᠤ᠋ ᠣᠷᠴᠢᠭᠤᠯᠭ᠎ᠠ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠪᠠᠲᠤ ᠶ᠋ᠢᠨ ᠠᠯᠲᠠᠨᠪᠠᠭᠠᠨ᠎ᠠ1920 ᠣᠨ ᠳ᠋ᠤ᠌ ᠥᠪᠦᠷ ᠮᠣᠩᠭᠤᠯ ᠤ᠋ᠨ ᠵᠢᠷᠢᠮ ᠤ᠋ᠨ ᠴᠢᠭᠤᠯᠭᠠᠨ ᠤ᠋ ᠬᠣᠷᠴᠢᠨ ᠵᠡᠭᠦᠨ ᠭᠠᠷᠤᠨ ᠬᠣᠢᠲᠤ ᠬᠣᠰᠢᠭᠤᠨ ᠳ᠋ᠤ᠌ ᠲᠥᠷᠦᠵᠡᠢ᠃1945 ᠣᠨ ᠳ᠋ᠤ᠌ ᠮᠣᠩᠭᠤᠯ ᠤᠯᠤᠰ ᠲᠤ᠌ ᠢᠷᠡᠵᠦ ᠰᠤᠳᠤᠷ ᠪᠢᠴᠢᠭ ᠦ᠋ᠨ ᠬᠦᠷᠢᠶᠡᠯᠡᠩ ᠦ᠋ᠨ ᠲᠡᠦᠬᠡ ᠶ᠋ᠢᠨ ᠲᠠᠰᠤᠭ ᠲᠤ᠌ ᠠᠵᠢᠯᠯᠠᠭᠰᠠᠨ ᠬᠡᠳᠦᠨ ᠵᠣᠬᠢᠶᠠᠯ ᠢ᠋ ᠮᠣᠩᠭᠤᠯ ᠬᠡᠯᠡᠨ ᠳ᠋ᠤ᠌ ᠣᠷᠴᠢᠭᠤᠯᠤᠭᠰᠠᠨ ᠪᠥᠭᠡᠳ ᠬᠠᠮᠤᠭ ᠤ᠋ᠨ ᠴᠢᠬᠤᠯᠠ ᠨᠢ︽ ᠶᠤᠸᠠᠨ ᠤᠯᠤᠰ ᠤ᠋ᠨ ᠬᠠᠤᠯᠢ ᠴᠠᠭᠠᠵᠠ ᠶ᠋ᠢᠨ ᠪᠢᠴᠢᠭ︾ ᠦ᠋ᠨ ᠪᠦᠷᠢᠨ ᠣᠷᠴᠢᠭᠤᠯᠭ᠎ᠠ ᠪᠣᠯᠤᠨ᠎ᠠ᠃ ᠶᠤᠸᠠᠨ ᠤᠯᠤᠰ ᠤ᠋ᠨ ᠬᠠᠤᠯᠢ ᠴᠠᠭᠠᠵᠠ ᠶ᠋ᠢᠨ ᠪᠢᠴᠢᠭ ᠪᠣᠯ ᠶᠡᠬᠡ ᠶᠤᠸᠠᠨ ᠤᠯᠤᠰ ᠤ᠋ᠨ ᠵᠦᠩ ᠲᠦᠩ ᠦ᠋ᠨ ᠠᠩᠬᠠᠨ ᠤ᠋ ᠣᠨ︵1260︶ ᠠ᠋ᠴᠠ ᠶᠢᠦ ᠵᠢᠨ7 ᠳ᠋ᠤᠭᠠᠷ ᠣᠨ︵1320︶ ᠬᠦᠷᠲᠡᠯ᠎ᠡ ᠬᠢ ᠬᠠᠤᠯᠢ ᠴᠠᠭᠠᠵᠠ ᠶ᠋ᠢᠨ ᠪᠢᠴᠢᠭ ᠦ᠋ᠨ ᠪᠦᠷᠢᠨ ᠡᠮᠬᠢᠳᠭᠡᠯ ᠪᠣᠯᠬᠤ ᠶᠤᠮ᠃ ᠤᠭ ᠬᠠᠤᠯᠢᠨ ᠳ᠋ᠤ᠌ ᠬᠠᠭᠠᠨ ᠤ᠋ ᠵᠠᠷᠯᠢᠭ᠂ ᠲᠥᠷᠦᠲᠦ ᠶᠣᠰᠤ᠂ ᠲᠥᠷᠦ ᠵᠠᠰᠠᠬᠤ ᠬᠥᠲᠦᠯᠪᠦᠷᠢ᠂ ᠵᠠᠰᠠᠭ ᠶᠠᠪᠤᠭᠤᠯᠬᠤ ᠶᠣᠰᠤᠨ ᠵᠡᠷᠭᠡ10 ᠲᠣᠮᠤ ᠪᠦᠯᠦᠭ ᠠᠩᠭᠢᠯᠠᠵᠤ ᠨᠡᠢᠲᠡ2539 ᠵᠤᠷᠪᠤᠰ ᠢ᠋ ᠪᠠᠭᠲᠠᠭᠠᠭᠰᠠᠨ ᠲᠣᠮᠤᠬᠠᠨ ᠬᠠᠤᠯᠢ ᠴᠠᠭᠠᠵᠠ ᠶ᠋ᠢᠨ ᠡᠮᠬᠢᠳᠭᠡᠯ ᠪᠣᠯᠤᠨ᠎ᠠ᠃ ᠶᠤᠸᠠᠨ ᠤᠯᠤᠰ ᠤ᠋ᠨ ᠬᠠᠤᠯᠢ ᠴᠠᠭᠠᠵᠠ ᠶ᠋ᠢᠨ ᠪᠢᠴᠢᠭ ᠨᠢ ᠶᠡᠬᠡ ᠶᠤᠸᠠᠨ ᠤᠯᠤᠰ ᠤ᠋ᠨ ᠲᠡᠦᠬᠡ᠂ ᠬᠠᠤᠯᠢ ᠴᠠᠭᠠᠵᠠ ᠶ᠋ᠢᠨ ᠲᠡᠦᠬᠡ ᠵᠢ ᠰᠤᠳᠤᠯᠬᠤ ᠳ᠋ᠤ᠌ ᠦᠨᠳᠦᠰᠦᠨ ᠰᠤᠷᠪᠤᠯᠵᠢ ᠶ᠋ᠢᠨ ᠨᠢᠭᠡ ᠨᠢ ᠪᠣᠯᠳᠠᠭ᠃ 1948-1953ᠣᠨ ᠤ᠋ ᠬᠣᠭᠤᠷᠤᠨᠳᠤ ᠪ ᠠᠯᠲᠠᠨᠪᠠᠭᠠᠨ᠎ᠠ ᠠᠩᠬ᠎ᠠ ᠤᠳᠠᠭ᠎ᠠ ᠪᠦᠷᠢᠨ ᠡᠬᠡ ᠪᠡᠷ ᠨᠢ ᠮᠣᠩᠭᠤᠯᠴᠢᠯᠠᠨ ᠣᠷᠴᠢᠭᠤᠯᠵᠤ ᠣᠯᠠᠨ ᠨᠡᠢᠲᠡ ᠶ᠋ᠢᠨ ᠬᠦᠷᠲᠡᠭᠡᠯ ᠪᠣᠯᠭᠠᠵᠠᠢ᠃ ᠤᠭ ᠣᠷᠴᠢᠭᠤᠯᠭ᠎ᠠ ᠶ᠋ᠢᠨ ᠵᠣᠬᠢᠶᠠᠯ ᠡᠳᠦᠭᠡ ᠮᠣᠩᠭᠤᠯ ᠤᠯᠤᠰ ᠤ᠋ᠨ ᠰᠢᠨᠵᠢᠯᠡᠬᠦ ᠤᠬᠠᠭᠠᠨ ᠤ᠋ ᠠᠺᠠᠳᠧᠮᠢ ᠶ᠋ᠢᠨ ᠲᠡᠦᠬᠡ ᠠᠷᠾᠸᠣᠯᠣᠭᠢ ᠶ᠋ᠢᠨ ᠬᠦᠷᠢᠶᠡᠯᠡᠩ ᠦ᠋ᠨ ᠭᠠᠷ ᠪᠢᠴᠢᠮᠡᠯ ᠦ᠋ᠨ ᠰᠠᠩ ᠳ᠋ᠤ᠌ ᠬᠠᠳᠠᠭᠠᠯᠠᠭᠳᠠᠵᠤ ᠪᠣᠢ᠃ ᠠᠯᠲᠠᠨᠪᠠᠭᠠᠨ᠎ᠠ ᠶ᠋ᠢᠨ ᠣᠷᠴᠢᠭᠤᠯᠭ᠎ᠠ ᠨᠢ ᠮᠣᠩᠭᠤᠯ ᠤ᠋ᠨ ᠣᠷᠴᠢᠭᠤᠯᠭ᠎ᠠ ᠶ᠋ᠢᠨ ᠲᠡᠦᠬᠡ ᠵᠢ ᠰᠤᠳᠤᠯᠬᠤ ᠳ᠋ᠤ᠌ ᠬᠣᠯᠪᠤᠭᠳᠠᠬᠤ ᠠ᠋ᠴᠠ ᠭᠠᠳᠠᠨ᠎ᠠ ᠮᠣᠩᠭᠤᠯ ᠤ᠋ᠨ ᠶᠤᠸᠠᠨ ᠤᠯᠤᠰ ᠤ᠋ᠨ ᠲᠡᠦᠬᠡ ᠶ᠋ᠢᠨ ᠰᠤᠳᠤᠯᠭᠠᠨ ᠳ᠋ᠤ᠌ ᠴᠢᠬᠤᠯᠠ ᠠᠴᠢ ᠬᠣᠯᠪᠤᠭᠳᠠᠯᠲᠠᠢ ᠠᠵᠢᠯ ᠪᠣᠯᠤᠭᠰᠠᠨ ᠶᠤᠮ᠃