ᠴ᠊ ᠳᠡᠮᠴᠦᠭ᠌ᠳᠣᠷᠵᠢ ᠶ᠋ᠢᠨ ᠶᠢᠷᠲᠢᠨᠴᠦ ᠵᠢ ᠦᠵᠡᠬᠦ ᠦᠵᠡᠯ ᠰᠡᠳᠭᠢᠯᠭᠡ
ᠢᠷᠡᠯᠲᠡ: ᠪᠠᠢᠭᠠᠯᠢ ᠶ᠋ᠢᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠰᠢᠨᠵᠢᠯᠡᠬᠦ ᠤᠬᠠᠭᠠᠨ -> 201703
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/08/31
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ﹇ ᠮᠣᠩᠭᠤᠯ﹈ ᠳ᠌ ᠳᠠᠰᠢᠵᠠᠮᠰᠤ
ᠵᠠᠩᠭᠢᠯᠠᠭ᠎ᠠ ᠦᠭᠡ᠄ ᠭᠦᠨ ᠤᠬᠠᠭᠠᠨ︔ ᠱᠠᠰᠢᠨ ᠰᠤᠷᠲᠠᠬᠤᠨ︔ ᠨᠡᠢᠭᠡᠮ ᠰᠣᠶᠤᠯ︔ ᠤᠯᠤᠰ ᠲᠥᠷᠦ︔ ᠰᠡᠳᠭᠢᠯᠭᠡ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠴ᠊ ᠳᠡᠮᠴᠦᠭ᠌ᠳᠣᠷᠵᠢ ᠬᠠᠯᠬ᠎ᠠ ᠮᠣᠩᠭᠤᠯ ᠣᠷᠤᠨ ᠢ᠋ ᠵᠣᠷᠢᠬᠤ ᠳ᠋ᠤ᠌ ᠮᠣᠩᠭᠤᠯ ᠲᠤᠭᠤᠷᠭᠠᠲᠠᠨ ᠳ᠋ᠤ᠌ ᠦᠯᠡᠮᠵᠢᠬᠡᠨ ᠲᠤᠰᠠᠲᠠᠢ ᠠᠵᠢᠯ ᠬᠢᠬᠦ ᠠᠤᠭ᠎ᠠ ᠰᠠᠨᠠᠭ᠎ᠠ ᠪᠠᠷ ᠣᠷᠴᠢᠭᠤᠯᠵᠤ᠂ ᠬᠥᠷᠪᠡᠭᠦᠯᠬᠦ ᠶᠡᠬᠡ ᠠᠵᠢᠯ ᠠ᠋ᠴᠠ ᠭᠠᠷᠳᠠᠨ ᠮᠠᠰᠢ ᠣᠯᠠᠨ ᠨᠣᠮ ᠲᠣᠪᠬᠢᠮᠠᠯ ᠢ᠋ ᠣᠷᠴᠢᠭᠤᠯᠤᠨ᠂ ᠲᠤᠬᠠᠢ ᠶ᠋ᠢᠨ ᠦᠶᠡᠰ ᠮᠣᠩᠭᠤᠯ ᠬᠡᠯᠡ ᠪᠡᠷ ᠭᠠᠷᠴᠤ ᠪᠠᠢᠭᠰᠠᠨᠰᠢᠨᠡ ᠰᠣᠨᠢᠨ ᠪᠢᠴᠢᠭ ᠦ᠋ᠳ ᠲᠦ᠍ ᠦᠵᠡᠯ ᠪᠣᠳᠤᠯ ᠢ᠋ᠶ᠋ᠠᠨ ᠢᠯᠡᠷᠬᠡᠢᠯᠡᠭᠰᠡᠨ ᠣᠯᠠᠨ ᠥᠭᠦᠯᠡᠯ ᠢ᠋ ᠥᠪᠡᠷ ᠦ᠋ᠨ ᠨᠡᠷ᠎ᠡ ᠲᠠᠢ᠂ ᠨᠡᠷ᠎ᠡ ᠦᠭᠡᠢ ᠡᠰᠡᠪᠡᠯ ᠥᠭᠡᠷ᠎ᠡ ᠨᠡᠷ᠎ᠡ ᠪᠡᠷ ᠮᠠᠰᠢ ᠣᠯᠠᠨ ᠨᠡᠢᠲᠡᠯᠡᠭᠦᠯᠦᠭᠰᠡᠨ ᠪᠥᠭᠡᠳ ᠲᠡᠭᠦᠨ ᠢ᠋ᠶ᠋ᠡᠨ ᠨᠢᠭᠡᠳᠭᠡᠨ ᠰᠤᠳᠤᠯᠵᠤ᠂ ᠰᠤᠳᠤᠯᠭᠠᠨ ᠤ᠋ ᠠᠰᠤᠷᠤ ᠶᠡᠬᠡ ᠠᠴᠢ ᠬᠣᠯᠪᠤᠭᠳᠠᠯ ᠢ᠋ ᠦᠵᠡᠭᠦᠯᠵᠡᠢ᠃ ᠲᠡᠷᠡ ᠭᠦᠨ ᠤᠬᠠᠭᠠᠨ᠂ ᠱᠠᠰᠢᠨ ᠰᠤᠷᠲᠠᠯ ᠤ᠋ᠨ ᠦᠵᠡᠯᠲᠡ ᠪᠡᠷ ᠰᠤᠳᠤᠷ ᠲᠠᠷᠨᠢ ᠶ᠋ᠢᠨ ᠶᠣᠰᠤ ᠬᠢᠭᠡᠳ ᠰᠠᠮᠲᠠᠢ ᠰᠠᠭᠤᠬᠤ ᠪᠠ ᠪᠢᠰᠢᠯᠭᠠᠬᠤ᠂ ᠪᠦᠲᠦᠭᠡᠬᠦ ᠪᠠ ᠪᠣᠳᠢ ᠮᠥᠷ ᠦ᠋ᠨ ᠲᠡᠷᠢᠭᠦᠲᠡᠨ ᠢ᠋ ᠪᠣᠯᠪᠠᠰᠤᠷᠠᠭᠤᠯᠵᠤ᠂ ᠠᠷᠭ᠎ᠠ ᠪᠢᠯᠢᠭ ᠦ᠋ᠨ ᠰᠤᠷᠭᠠᠯ ᠢ᠋ ᠠᠰᠢᠭᠯᠠᠨ᠂ ᠥᠪᠡᠷ ᠦ᠋ᠨ ᠮᠥᠨ ᠴᠢᠨᠠᠷ ᠪᠠᠢᠬᠤ ᠪᠥᠭᠡᠳ ᠣᠭᠲᠠᠷᠭᠤᠢ ᠳ᠋ᠤ᠌ ᠣᠷᠤᠰᠢᠭᠴᠢ ᠶ᠋ᠢᠨ ᠬᠣᠯᠪᠤᠭᠳᠠᠯ ᠢ᠋ ᠨᠢᠭᠡᠨ ᠲᠤᠩᠭᠠᠵᠤ ᠨᠢᠭᠲᠠᠯᠠᠨ ᠵᠠᠳᠠᠯᠵᠠᠢ᠃ ᠴ᠊ ᠳᠡᠮᠴᠦᠭ᠌ᠳᠣᠷᠵᠢ ᠪᠠᠰᠠ ᠨᠡᠢᠭᠡᠮ᠂ ᠤᠯᠤᠰ ᠲᠥᠷᠦ ᠶ᠋ᠢᠨ ᠵᠥᠪ ᠦᠵᠡᠯᠲᠡ ᠪᠡᠷ ᠮᠣᠩᠭᠤᠯ ᠠᠷᠠᠳᠴᠢᠯᠠᠭᠰᠠᠨ ᠢ᠋ ᠰᠡᠩᠬᠡᠷᠡᠭᠦᠯᠦᠨ᠂ ᠠᠷᠠᠳᠴᠢᠯᠠᠯ᠂ ᠰᠢᠳᠤᠷᠭᠤ ᠶᠣᠰᠤ ᠵᠢ ᠲᠣᠭᠲᠠᠭᠠᠬᠤ ᠥᠪᠡᠷ ᠦ᠋ᠨ ᠭᠡᠬᠦ ᠲᠤᠰᠠᠭᠠᠷ ᠦᠵᠡᠯᠲᠡ ᠵᠢ ᠪᠣᠢ ᠪᠣᠯᠭᠠᠨ᠂ ᠴᠠᠭ ᠤᠯᠠᠷᠢᠯ ᠤ᠋ᠨ ᠰᠣᠨᠢᠨ ᠪᠢᠴᠢᠭ ᠲᠠᠢ ᠪᠣᠯᠬᠤ ᠵᠢ ᠲᠣᠭᠲᠠᠭᠠᠬᠤ ᠥᠪᠡᠷ ᠦ᠋ᠨ ᠭᠡᠬᠦ ᠲᠤᠰᠠᠭᠠᠷ ᠦᠵᠡᠯᠲᠡ ᠵᠢ ᠪᠣᠢ ᠪᠣᠯᠭᠠᠨ᠂ ᠴᠠᠭ ᠤᠯᠠᠷᠢᠯ ᠤ᠋ᠨ ᠰᠣᠨᠢᠨ ᠪᠢᠴᠢᠭ ᠲᠠᠢ ᠪᠣᠯᠬᠤ ᠵᠢ ᠰᠢᠪᠡᠭᠡᠴᠢᠯᠡᠨ ᠪᠦᠲᠦᠭᠡᠬᠦ ᠵᠢ ᠰᠢᠮᠳᠠᠨ᠂ ᠪᠠᠰᠠ ᠡᠮᠡᠭᠲᠡᠢᠴᠦᠳ ᠢ᠋ ᠨᠡᠢᠭᠡᠮ ᠦ᠋ᠨ ᠡᠷᠬᠡ ᠲᠡᠭᠰᠢ ᠭᠡᠰᠢᠭᠦᠨ ᠪᠠᠢᠬᠤ ᠶᠣᠰᠣᠲᠠᠢ ᠭᠡᠵᠦ ᠦᠵᠡᠪᠡ᠃ ᠲᠡᠷᠡ ᠪᠠᠰᠠ ᠥᠪᠡᠷ ᠦ᠋ᠨ ᠣᠶᠤᠨ ᠤᠬᠠᠭᠠᠨ ᠢ᠋ᠶ᠋ᠠᠷ ᠢ᠋ᠶ᠋ᠠᠨ ᠰᠦᠪᠡᠭᠴᠢᠯᠡᠨ ᠰᠣᠶᠤᠯ᠂ ᠵᠠᠩ ᠰᠤᠷᠲᠠᠬᠤᠨ ᠢ᠋ ᠨᠢᠭᠡᠳᠭᠡᠵᠦ ᠶᠢᠷᠲᠢᠨᠴᠦ ᠶ᠋ᠢᠨ ᠶᠣᠰᠤ᠂ ᠳᠡᠭᠡᠳᠦᠰ ᠦ᠋ᠨ ᠰᠤᠷᠭᠠᠯ ᠲᠠᠢ ᠬᠣᠯᠪᠤᠨ ᠰᠢᠨ᠎ᠡ ᠦᠵᠡᠯ ᠰᠠᠨᠠᠭ᠎ᠠ ᠵᠢ ᠰᠦᠪᠡᠭᠴᠢᠯᠡᠭᠰᠡᠨ ᠤ᠋ ᠬᠠᠮᠲᠤ ᠳ᠋ᠤᠨᠢ ᠡᠨᠡᠳᠬᠡᠭ᠂ ᠬᠢᠲᠠᠳ᠂ ᠲᠥᠪᠡᠳ᠂ ᠮᠣᠩᠭᠤᠯ ᠤ᠋ᠨ ᠤᠯᠠᠮᠵᠢᠯᠠᠯᠲᠤ ᠰᠤᠷᠲᠠᠬᠤᠨ ᠤ᠋ ᠰᠤᠷᠭᠠᠯ ᠢ᠋ ᠳᠡᠭᠡᠳᠦᠯᠡᠨ᠂ ᠡᠭᠦᠨ ᠡᠴᠡ ᠣᠯᠤᠭᠰᠠᠨ ᠭᠣᠣᠯ ᠪᠣᠯᠬᠤ ᠳ᠋ᠦᠩᠨᠡᠯᠲᠡ ᠪᠡᠷ ᠮᠣᠩᠭᠤᠯ ᠤ᠋ᠨ ᠰᠣᠶᠤᠯ᠂ ᠶᠣᠰᠤ ᠰᠤᠷᠲᠠᠬᠤᠨ ᠤ᠋ ᠰᠡᠳᠭᠢᠯᠭᠡ ᠵᠢ ᠰᠦᠪᠡᠭᠴᠢᠯᠡᠨ ᠪᠠᠶᠠᠯᠢᠭᠵᠢᠭᠤᠯᠵᠠᠢ᠃