ᠳ᠋ᠠᠩᠳᠠ ᠶ᠋ᠢᠨ︽ ᠶᠤᠸᠠᠨ ᠤᠯᠤᠰ ᠤ᠋ᠨ ᠰᠤᠳᠤᠷ︾ ᠤ᠋ᠨ ᠣᠷᠴᠢᠭᠤᠯᠭ᠎ᠠ ᠵᠢᠴᠢ ᠲᠡᠭᠦᠨ ᠤ᠋ ᠪᠤᠰᠤᠳ ᠣᠷᠴᠢᠭᠤᠯᠭ᠎ᠠ ᠶ᠋ᠢᠨ ᠪᠦᠲᠦᠭᠡᠯ
ᠢᠷᠡᠯᠲᠡ: ᠪᠠᠢᠭᠠᠯᠢ ᠶ᠋ᠢᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠰᠢᠨᠵᠢᠯᠡᠬᠦ ᠤᠬᠠᠭᠠᠨ -> 201703
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/08/31
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ﹇ ᠮᠣᠩᠭᠤᠯ﹈ ᠴ᠊ ᠴᠠᠷᠠᠨᠳᠣᠷᠵᠢ
ᠵᠠᠩᠭᠢᠯᠠᠭ᠎ᠠ ᠦᠭᠡ᠄ ᠳ᠋ᠠᠩᠳᠠ︔︽ ᠶᠤᠸᠠᠨ ᠤᠯᠤᠰ ᠤ᠋ᠨ ᠰᠤᠳᠤᠷ︾︔ ᠮᠣᠩᠭᠤᠯ ᠤ᠋ᠨ ᠲᠡᠦᠬᠡ︔ ᠬᠢᠲᠠᠳ ᠮᠣᠩᠭᠤᠯ ᠤ᠋ᠨ ᠣᠷᠴᠢᠭᠤᠯᠭ᠎ᠠ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠲᠤᠰ ᠥᠭᠦᠯᠡᠯ ᠳ᠋ᠤ᠌ ᠨᠡᠷᠡᠲᠦ ᠡᠷᠳᠡᠮᠲᠡᠨ᠂ ᠣᠷᠴᠢᠭᠤᠯᠤᠭᠴᠢ ᠳ᠋ᠠᠩᠳᠠ ᠬᠡᠮᠡᠬᠦ ᠴᠢᠮᠡᠳ ᠦ᠋ᠨ ᠳᠡᠮᠴᠦᠭ᠌ᠳᠣᠷᠵᠢ ᠶ᠋ᠢᠨ ᠨᠠᠮᠲᠠᠷ᠂ ᠦᠢᠯᠡ ᠠᠵᠢᠯᠯᠠᠭ᠎ᠠ᠂ ᠢᠯᠠᠩᠭᠤᠶ᠎ᠠ︽ ᠶᠤᠸᠠᠨ ᠤᠯᠤᠰ ᠤ᠋ᠨ ᠰᠤᠳᠤᠷ︾ ᠲᠡᠷᠢᠭᠦᠲᠡᠢ ᠣᠷᠴᠢᠭᠤᠯᠭ᠎ᠠ ᠶ᠋ᠢᠨ ᠪᠦᠲᠦᠭᠡᠯ ᠦ᠋ᠳ ᠦ᠋ᠨ ᠲᠤᠬᠠᠢ ᠲᠣᠪᠴᠢ ᠥᠭᠦᠯᠡᠯ ᠢ᠋ ᠵᠣᠷᠢᠪᠠ᠃
ᠳ᠋ᠠᠩᠳᠠ ᠬᠢᠲᠠᠳ ᠬᠡᠯᠡᠨ ᠤ᠋ ᠣᠯᠠᠨ ᠰᠤᠷᠪᠤᠯᠵᠢ ᠪᠢᠴᠢᠭ ᠢ᠋ ᠮᠣᠩᠭᠤᠯ ᠢ᠋ᠶ᠋ᠠᠷ ᠣᠷᠴᠢᠭᠤᠯᠤᠭᠰᠠᠨ ᠤ᠋ ᠳᠣᠲᠤᠷ᠎ᠠ ᠬᠠᠮᠤᠭ ᠤ᠋ᠨ ᠳᠣᠷᠪᠢᠲᠠᠢ ᠨᠢ︽ ᠶᠤᠸᠠᠨ ᠤᠯᠤᠰ ᠤ᠋ᠨ ᠰᠤᠳᠤᠷ︾ ᠬᠡᠮᠡᠬᠦ210 ᠳᠡᠪᠲᠡᠷ︵ ᠪᠦᠯᠦᠭ︶ ᠵᠣᠬᠢᠶᠠᠯ ᠪᠢᠯᠡ᠃︽ ᠶᠤᠸᠠᠨ ᠤᠯᠤᠰ ᠤ᠋ᠨ ᠰᠤᠳᠤᠷ︾ ᠪᠣᠯ13-14 ᠳ᠋ᠦ᠍ᠭᠡᠷ ᠵᠠᠭᠤᠨ ᠤ᠋ ᠮᠣᠩᠭᠤᠯ ᠤ᠋ᠨ ᠲᠡᠦᠬᠡ ᠵᠢ ᠰᠤᠳᠤᠯᠬᠤ ᠳ᠋ᠤ᠌ ᠬᠢᠲᠠᠳ ᠬᠡᠯᠡᠨ ᠤ᠋ ᠬᠠᠮᠤᠭ ᠤ᠋ᠨ ᠭᠣᠣᠯ ᠲᠤᠯᠭᠤᠷ ᠰᠤᠷᠪᠤᠯᠵᠢ ᠠᠭᠠᠳ ᠳ᠋ᠠᠩᠳᠠ ᠶ᠋ᠢᠨ ᠣᠷᠴᠢᠭᠤᠯᠭ᠎ᠠ ᠨᠢ ᠲᠤᠰ ᠵᠣᠬᠢᠶᠠᠯ ᠤ᠋ᠨ ᠴᠣᠷ ᠤ᠋ᠨ ᠭᠠᠭᠴᠠ ᠪᠦᠷᠢᠨ ᠣᠷᠴᠢᠭᠤᠯᠭ᠎ᠠ ᠭᠡᠳᠡᠭ ᠢ᠋ᠶ᠋ᠡᠷ ᠢ᠋ᠶ᠋ᠡᠨ ᠶᠡᠬᠡᠬᠡᠨ ᠦᠨ᠎ᠡ ᠴᠠᠨ᠎ᠠ ᠲᠠᠢ ᠶᠤᠮ᠃
ᠪᠢᠳᠡ ᠮᠣᠩᠭᠤᠯ ᠤᠯᠤᠰ ᠤ᠋ᠨ ᠲᠥᠪ ᠨᠣᠮ ᠤ᠋ᠨ ᠰᠠᠩ ᠳ᠋ᠤ᠌ ᠬᠠᠳᠠᠭᠠᠯᠠᠭᠳᠠᠵᠤ ᠪᠣᠢ︽ ᠶᠤᠸᠠᠨ ᠤᠯᠤᠰ ᠤ᠋ᠨ ᠰᠤᠳᠤᠷ︾ ᠤ᠋ᠨ ᠣᠷᠴᠢᠭᠤᠯᠭ᠎ᠠ ᠶ᠋ᠢᠨ ᠡᠬᠢᠨ ᠤ᠋ ᠬᠡᠳᠦᠨ ᠳᠡᠪᠲᠡᠷ ᠢ᠋ ᠬᠢᠲᠠᠳ ᠡᠬᠢᠲᠡᠢ ᠨᠢ ᠬᠠᠷᠠᠭᠤᠯᠤᠨ᠂ ᠲᠡᠭᠦᠨ ᠤ᠋ ᠣᠷᠴᠢᠭᠤᠯᠭ᠎ᠠ ᠶ᠋ᠢᠨ ᠣᠨᠴᠠᠯᠢᠭ᠂ ᠠᠴᠢ ᠬᠣᠯᠪᠤᠭᠳᠠᠯ ᠵᠡᠷᠭᠡ ᠵᠢ ᠲᠣᠳᠤᠷᠬᠠᠢᠯᠠᠬᠤ ᠵᠢ ᠣᠷᠤᠯᠳᠤᠪᠠ᠃