ᠬᠤᠭᠤᠴᠠᠭᠠᠲᠦ ᠰᠡᠳᠭᠦᠯ
>
ᠥᠪᠦᠷ ᠮᠣᠩᠭᠤᠯ ᠤ᠋ᠨ ᠮᠠᠯ ᠠᠵᠤ ᠠᠬᠤᠢ
>
ᠰᠢᠨᠵᠢᠶᠠᠩ ᠤ᠋ᠨ ᠮᠠᠯ ᠠᠵᠤ ᠠᠬᠤᠢ
>
ᠰᠢᠨᠵᠢᠯᠡᠬᠦ ᠤᠬᠠᠭᠠᠨ ᠠᠮᠢᠳᠤᠷᠠᠯ
>
ᠥᠪᠦᠷ ᠮᠣᠩᠭᠤᠯ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ
>
ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠪᠠᠢᠭᠠᠯᠢ ᠶ᠋ᠢᠨ ᠰᠢᠨᠵᠢᠯᠡ
>
ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠮᠣᠩᠭᠤᠯ ᠠᠨᠠᠭᠠᠬᠤ ᠤᠬᠠᠭᠠ
>
ᠮᠣᠩᠭᠤᠯ ᠠᠳᠤᠭᠤ
>
ᠥᠪᠦᠷ ᠮᠣᠩᠭᠤᠯ ᠤ᠋ᠨ ᠮᠠᠯ ᠠᠵᠤ ᠠᠬᠤᠢ ᠵᠢᠨ ᠰᠢᠨᠵᠢᠯᠡᠬᠦ ᠤᠬᠠᠭᠠᠨ
>
ᠥᠪᠦᠷ ᠮᠣᠩᠭᠤᠯ ᠤ᠋ᠨ ᠮᠠᠯ ᠡᠮᠨᠡᠯᠭᠡ
>
ᠲᠣᠭᠠᠨ ᠤ᠋ ᠤᠬᠠᠭᠠᠨ ᠤ᠋ ᠭᠠᠷ ᠪᠢᠴᠢᠮᠡᠯ
>
ᠥᠪᠦᠷ ᠮᠣᠩᠭᠤᠯ ᠤ᠋ᠨ ᠦᠨᠳᠦᠰᠦᠲᠡᠨ ᠦ᠌ ᠡᠮᠨᠡᠯᠭᠡ ᠶ᠋ᠢᠨ ᠳᠡᠭᠡᠳᠦ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ

ᠴᠢᠰᠤᠨ ᠳᠠᠷᠤᠯᠲᠠ ᠥᠨᠳᠦᠷᠵᠢᠭᠰᠡᠨ ᠡᠪᠡᠳᠴᠢᠨ ᠤ᠋ ᠰᠤᠪᠢᠯᠠᠯᠲᠠ

ᠢᠷᠡᠯᠲᠡ: ᠪᠠᠢᠭᠠᠯᠢ ᠶ᠋ᠢᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠰᠢᠨᠵᠢᠯᠡᠬᠦ ᠤᠬᠠᠭᠠᠨ -> 201801
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/08/31
ᠦᠵᠡᠭᠰᠡᠨ ᠤᠳᠠᠭ᠎ᠠ: 2ᠤᠳᠠᠭ᠎ᠠ
ᠵᠣᠬᠢᠶᠠᠭᠴᠢ᠄ ᠤᠯᠠᠭᠠᠨᠲᠤᠶᠠᠭ᠎ᠠ
ᠵᠠᠩᠭᠢᠯᠠᠭ᠎ᠠ ᠦᠭᠡ᠄ ᠴᠢᠰᠤᠨ ᠳᠠᠷᠤᠯᠲᠠ ᠥᠨᠳᠦᠷᠵᠢᠭᠰᠡᠨ ᠡᠪᠡᠳᠴᠢᠨ︔ ᠰᠤᠪᠢᠯᠠᠯᠲᠠ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠴᠢᠰᠤᠨ ᠳᠠᠷᠤᠯᠲᠠ ᠥᠨᠳᠦᠷᠵᠢᠭᠰᠡᠨ ᠡᠪᠡᠳᠴᠢᠨ ᠪᠣᠯ ᠯᠤᠭᠰᠢᠭᠤᠨ ᠰᠤᠳᠠᠯ ᠤ᠋ᠨ ᠴᠢᠰᠤᠨ ᠤ᠋ ᠳᠠᠷᠤᠯᠲᠠ ᠢᠯᠠᠩᠭᠤᠶ᠎ᠠ ᠲᠡᠯᠡᠯᠲᠡ ᠶ᠋ᠢᠨ ᠦᠶ᠎ᠡ ᠶ᠋ᠢᠨ ᠳᠠᠷᠤᠯᠲᠠ ᠨᠢ ᠦᠷᠭᠦᠯᠵᠢ ᠶ᠋ᠢᠨ ᠴᠢᠨᠠᠷᠲᠠᠢ ᠥᠨᠳᠦᠷᠵᠢᠭᠰᠡᠨ ᠡᠴᠡ ᠪᠣᠯᠤᠭᠰᠠᠨ ᠪᠦᠬᠦ ᠪᠡᠶ᠎ᠡ ᠶ᠋ᠢᠨ ᠴᠢᠨᠠᠷᠲᠠᠢ ᠠᠷᠬᠠᠭ ᠡᠪᠡᠳᠴᠢᠨ ᠪᠣᠯᠤᠨ᠎ᠠ᠃ ᠴᠢᠰᠤᠨ ᠳᠠᠷᠤᠯᠲᠠ ᠥᠨᠳᠦᠷᠵᠢᠬᠦ ᠪᠣᠯ ᠬᠠᠷ᠎ᠠ ᠰᠤᠳᠠᠯ ᠤ᠋ᠨ ᠭᠤᠤᠷᠰᠤᠨ ᠤ᠋ ᠬᠡᠢ᠂ ᠰᠢᠷ᠎ᠠ᠂ ᠪᠠᠳᠭ᠋ᠠᠨ᠂ ᠴᠢᠰᠤᠨ ᠤ᠋ ᠤᠷᠪᠠᠯᠲᠠ ᠠ᠋ᠴᠠ ᠪᠣᠢ ᠪᠣᠯᠤᠭᠰᠠᠨ ᠡᠪᠡᠳᠴᠢᠨ ᠤ᠋ ᠤᠷᠪᠠᠯᠲᠠ ᠪᠠᠢᠵᠤ᠂ ᠴᠢᠨᠠᠭᠰᠢᠳᠠ ᠭᠣᠣᠯᠳᠠᠭᠤ ᠴᠠᠭᠠᠨ ᠪᠠ ᠬᠠᠷ᠎ᠠ ᠰᠤᠳᠠᠯ ᠢ᠋ ᠨᠥᠯᠦᠭᠡᠯᠡᠨ ᠡᠪᠡᠳᠴᠢᠯᠡᠨ᠎ᠡ᠃ ᠬᠡᠢ ᠴᠢᠰᠤᠨ ᠤ᠋ ᠬᠢᠮᠤᠷᠠᠯ ᠪᠣᠯ ᠲᠤᠰ ᠡᠪᠡᠳᠴᠢᠨ ᠤ᠋ ᠭᠣᠣᠯ ᠰᠢᠯᠲᠠᠭᠠᠨ ᠪᠣᠯᠤᠨ᠎ᠠ᠃ ᠮᠥᠨ ᠴᠦ ᠬᠡᠢ ᠴᠢᠰᠤᠨ ᠤ᠋ ᠬᠢᠮᠤᠷᠠᠯᠲᠠ ᠠ᠋ᠴᠠ ᠰᠢᠯᠲᠠᠭᠠᠯᠠᠬᠤ ᠪᠠ ᠥᠭᠡᠬᠦ᠂ ᠲᠣᠰᠤ᠂ ᠳᠠᠪᠤᠰᠤᠯᠢᠭ ᠢᠳᠡᠭᠡᠨ᠂ ᠠᠷᠢᠬᠢ᠂ ᠲᠠᠮᠠᠬᠢ ᠵᠢ ᠬᠡᠲᠦᠷᠬᠡᠢ ᠡᠳ᠋ᠯᠡᠭᠰᠡᠨ ᠪᠤᠶᠤ ᠤᠳᠤᠮᠯᠠᠯ᠂ ᠡᠷᠬᠢᠯᠡᠭᠰᠡᠨ ᠠᠵᠢᠯ ᠵᠡᠷᠭᠡ ᠣᠯᠠᠨ ᠵᠦᠢᠯ ᠦ᠋ᠨ ᠨᠥᠬᠦᠴᠡᠯ ᠡᠴᠡ ᠪᠣᠯᠵᠤ ᠲᠤᠰ ᠡᠪᠡᠳᠴᠢᠨ ᠢ᠋ ᠡᠭᠦᠰᠭᠡᠳᠡᠭ ᠪᠠᠢᠨ᠎ᠠ᠃ ᠡᠪᠡᠳᠴᠢᠨ ᠤ᠋ ᠡᠬᠢᠨ ᠤ᠋ ᠦᠶ᠎ᠡ ᠳ᠋ᠤ᠌ ᠣᠨᠴᠠᠭᠠᠢ ᠰᠢᠨᠵᠢ ᠲᠡᠮᠳᠡᠭ ᠦᠭᠡᠢ ᠪᠠᠢᠵᠤ᠂ ᠪᠡᠶ᠎ᠡ ᠶ᠋ᠢᠨ ᠪᠠᠢᠴᠠᠭᠠᠯᠲᠠ ᠬᠢᠬᠦ ᠪᠡᠷ ᠳᠠᠮᠵᠢᠨ ᠰᠠᠶᠢ ᠮᠡᠳᠡᠳᠡᠭ᠃ ᠶᠡᠷᠦᠩᠬᠡᠢ ᠳ᠋ᠡᠭᠡᠨ ᠲᠣᠯᠤᠭᠠᠢ ᠡᠪᠡᠳᠬᠦ᠂ ᠲᠣᠯᠤᠭᠠᠢ ᠡᠷᠭᠢᠬᠦ᠂ ᠴᠢᠬᠢ ᠱᠤᠤᠭᠢᠬᠤ᠂ ᠵᠢᠷᠦᠬᠡ ᠲᠦᠭᠰᠢᠬᠦ᠂ ᠨᠣᠢᠷ ᠬᠤᠯᠵᠢᠬᠤ᠂ ᠮᠠᠷᠲᠠᠮᠠᠲᠠᠭᠠᠢ ᠪᠣᠯᠬᠤ᠂ ᠶᠠᠳᠠᠷᠠᠬᠤ ᠵᠡᠷᠭᠡ ᠰᠢᠨᠵᠢ ᠲᠡᠮᠳᠡᠭ ᠢᠯᠡᠷᠡᠨ᠎ᠡ᠃ ᠤᠷᠲᠤ ᠬᠤᠭᠤᠴᠠᠭ᠎ᠠ ᠪᠠᠷ ᠴᠢᠰᠤᠨ ᠳᠠᠷᠤᠯᠲᠠ ᠥᠨᠳᠦᠷᠵᠢᠪᠡᠯ ᠵᠢᠷᠦᠬᠡ᠂ ᠪᠥᠭᠡᠷ᠎ᠡ᠂ ᠲᠠᠷᠢᠬᠢ ᠵᠡᠷᠭᠡ ᠡᠷᠬᠡᠲᠡᠨ ᠢ᠋ ᠨᠥᠯᠦᠭᠡᠯᠡᠵᠦ ᠳᠠᠪᠬᠤᠴᠠᠬᠤ ᠭᠡᠮ ᠡᠭᠦᠰᠳᠡᠭ ᠶᠤᠮ᠃ ᠲᠤᠰ ᠡᠪᠡᠳᠴᠢᠨ ᠢ᠋ ᠬᠡᠢ ᠴᠢᠰᠤᠨ ᠤ᠋ ᠬᠢᠮᠤᠷᠠᠯ ᠢ᠋ᠶ᠋ᠡᠷ ᠥᠨᠳᠦᠷᠵᠢᠬᠦ᠂ ᠶᠠᠮ᠎ᠠ ᠴᠢᠰᠤᠨ ᠤ᠋ ᠭᠡᠮ ᠢ᠋ᠶ᠋ᠡᠷ ᠥᠨᠳᠦᠷᠵᠢᠬᠦ᠂ ᠴᠠᠭᠠᠨ ᠰᠤᠳᠠᠯ ᠤ᠋ᠨ ᠭᠡᠮ ᠢ᠋ᠶ᠋ᠡᠷ ᠥᠨᠳᠦᠷᠵᠢᠬᠦ᠂ ᠪᠥᠭᠡᠷᠡᠨ ᠬᠡᠢ ᠪᠡᠷ ᠥᠨᠳᠦᠷᠵᠢᠬᠦ ᠵᠡᠷᠭᠡ ᠳᠥᠷᠪᠡᠨ ᠲᠠᠯ᠎ᠠ ᠪᠠᠷ ᠬᠤᠪᠢᠶᠠᠳᠠᠭ᠃