ᠬᠤᠭᠤᠴᠠᠭᠠᠲᠦ ᠰᠡᠳᠭᠦᠯ
>
ᠥᠪᠦᠷ ᠮᠣᠩᠭᠤᠯ ᠤ᠋ᠨ ᠮᠠᠯ ᠠᠵᠤ ᠠᠬᠤᠢ
>
ᠰᠢᠨᠵᠢᠶᠠᠩ ᠤ᠋ᠨ ᠮᠠᠯ ᠠᠵᠤ ᠠᠬᠤᠢ
>
ᠰᠢᠨᠵᠢᠯᠡᠬᠦ ᠤᠬᠠᠭᠠᠨ ᠠᠮᠢᠳᠤᠷᠠᠯ
>
ᠥᠪᠦᠷ ᠮᠣᠩᠭᠤᠯ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ
>
ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠪᠠᠢᠭᠠᠯᠢ ᠶ᠋ᠢᠨ ᠰᠢᠨᠵᠢᠯᠡ
>
ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠮᠣᠩᠭᠤᠯ ᠠᠨᠠᠭᠠᠬᠤ ᠤᠬᠠᠭᠠ
>
ᠮᠣᠩᠭᠤᠯ ᠠᠳᠤᠭᠤ
>
ᠥᠪᠦᠷ ᠮᠣᠩᠭᠤᠯ ᠤ᠋ᠨ ᠮᠠᠯ ᠠᠵᠤ ᠠᠬᠤᠢ ᠵᠢᠨ ᠰᠢᠨᠵᠢᠯᠡᠬᠦ ᠤᠬᠠᠭᠠᠨ
>
ᠥᠪᠦᠷ ᠮᠣᠩᠭᠤᠯ ᠤ᠋ᠨ ᠮᠠᠯ ᠡᠮᠨᠡᠯᠭᠡ
>
ᠲᠣᠭᠠᠨ ᠤ᠋ ᠤᠬᠠᠭᠠᠨ ᠤ᠋ ᠭᠠᠷ ᠪᠢᠴᠢᠮᠡᠯ
>
ᠥᠪᠦᠷ ᠮᠣᠩᠭᠤᠯ ᠤ᠋ᠨ ᠦᠨᠳᠦᠰᠦᠲᠡᠨ ᠦ᠌ ᠡᠮᠨᠡᠯᠭᠡ ᠶ᠋ᠢᠨ ᠳᠡᠭᠡᠳᠦ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ

ᠮᠣᠩᠭᠤᠯ ᠡᠮᠲᠦ ᠮᠠᠲ᠋ᠧᠷᠢᠶᠠᠯ ᠨᠢᠴᠦᠭᠦᠨ ᠠᠯᠲᠠᠨ ᠪᠥᠭᠡᠷ᠎ᠡ ᠶ᠋ᠢᠨ ᠬᠢᠮᠢ ᠶ᠋ᠢᠨ ᠪᠦᠷᠢᠯᠳᠦᠬᠦᠨ ᠪᠠ ᠡᠮ ᠵᠦᠢ ᠶ᠋ᠢᠨ ᠦᠢᠯᠡᠳᠦᠯ ᠦ᠋ᠨ ᠲᠤᠬᠠᠢ ᠲᠣᠪᠴᠢ ᠬᠤᠷᠢᠶᠠᠩᠭᠤᠢᠯᠠᠬᠤ ᠨᠢ

ᠢᠷᠡᠯᠲᠡ: ᠪᠠᠢᠭᠠᠯᠢ ᠶ᠋ᠢᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠰᠢᠨᠵᠢᠯᠡᠬᠦ ᠤᠬᠠᠭᠠᠨ -> 201801
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/08/31
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠮᠦᠳᠠᠨ᠂ ᠰᠤᠷᠤᠨ᠎ᠠ
ᠵᠠᠩᠭᠢᠯᠠᠭ᠎ᠠ ᠦᠭᠡ᠄ ᠨᠢᠴᠦᠭᠦᠨ ᠠᠯᠲᠠᠨ ᠪᠥᠭᠡᠷ᠎ᠡ︔ ᠬᠢᠮᠢ ᠶ᠋ᠢᠨ ᠪᠦᠷᠢᠯᠳᠦᠬᠦᠨ︔ ᠡᠮ ᠵᠦᠢ ᠶ᠋ᠢᠨ ᠦᠢᠯᠡᠳᠦᠯ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠮᠣᠩᠭᠤᠯ ᠡᠮᠲᠦ ᠮᠠᠲ᠋ᠧᠷᠢᠶᠠᠯ ᠨᠢᠴᠦᠭᠦᠨ ᠠᠯᠲᠠᠨ ᠪᠥᠭᠡᠷ᠎ᠡ︵chrysosplenium nudicaule Bunge︶᠂ ᠥᠭᠡᠷ᠎ᠡ ᠨᠡᠷ᠎ᠡ ᠨᠢ ᠬᠠᠭᠠᠨ ᠠᠯᠲᠠᠨ ᠪᠥᠭᠡᠷ᠎ᠡ᠂ ᠲᠥᠪᠡᠳ ᠨᠡᠷ᠎ᠡ ᠨᠢ ᠵᠠᠯᠪᠤᠶᠠᠵᠢᠮ᠎ᠠ ᠭᠡᠳᠡᠭ᠃ ᠲᠤᠰ ᠡᠮᠲᠦ ᠮᠠᠲ᠋ᠧᠷᠢᠶᠠᠯ ᠪᠣᠯ ᠪᠠᠷᠰ ᠤ᠋ᠨ ᠴᠢᠬᠢ ᠡᠪᠡᠰᠦᠨ ᠤ᠋ ᠢᠵᠠᠭᠤᠷ︵Saxifragaceae︶ ᠤ᠋ᠨ ᠣᠯᠠᠨ ᠨᠠᠰᠤᠲᠠᠢ ᠡᠪᠡᠰᠦᠯᠢᠭ ᠤᠷᠭᠤᠮᠠᠯ ᠪᠣᠯᠬᠤ ᠨᠢᠴᠦᠭᠦᠨ ᠠᠯᠲᠠᠨ ᠪᠥᠭᠡᠷ᠎ᠡ ᠶ᠋ᠢᠨ ᠬᠠᠲᠠᠭᠠᠭᠰᠠᠨ ᠪᠦᠬᠦᠯᠢ ᠡᠪᠡᠰᠦ ᠪᠣᠯᠤᠨ᠎ᠠ᠃ ᠬᠠᠮᠢᠶ᠎ᠠ ᠪᠦᠬᠦᠢ ᠰᠤᠷᠪᠤᠯᠵᠢ ᠮᠠᠲ᠋ᠧᠷᠢᠶᠠᠯ ᠢ᠋ ᠦᠨᠳᠦᠰᠦᠯᠡᠪᠡᠯ ᠨᠢᠴᠦᠭᠦᠨ ᠠᠯᠲᠠᠨ ᠪᠥᠭᠡᠷ᠎ᠡ ᠨᠢ ᠭᠣᠣᠯᠳᠠᠭᠤ ᠹᠯᠡᠸᠦᠨ ᠦ᠋ᠨ ᠲᠥᠷᠦᠯ ᠦ᠋ᠨ ᠨᠢᠭᠡᠳᠪᠦᠷᠢ ᠵᠢ ᠡᠯᠪᠡᠭ ᠠᠭᠤᠯᠵᠤ᠂ ᠡᠭᠦᠨ ᠡᠴᠡ ᠭᠠᠳᠠᠨ᠎ᠠ ᠳᠡᠭᠳᠡᠮᠡᠬᠡᠢ ᠴᠢᠨᠠᠷᠲᠤ ᠨᠢᠭᠡᠳᠪᠦᠷᠢ᠂ ᠲᠠᠪᠤᠨ ᠴᠠᠭᠠᠷᠢᠭᠲᠤ ᠭᠤᠷᠪᠠᠴᠢ ᠹᠯᠡᠸᠦᠨ ᠤ᠋ ᠲᠥᠷᠦᠯ ᠦ᠋ᠨ ᠨᠢᠭᠡᠳᠪᠦᠷᠢ ᠵᠢ ᠡᠯᠪᠡᠭ ᠠᠭᠤᠯᠵᠤ᠂ ᠡᠭᠦᠨ ᠡᠴᠡ ᠭᠠᠳᠠᠨ᠎ᠠ ᠳᠡᠭᠳᠡᠮᠡᠬᠡᠢ ᠴᠢᠨᠠᠷᠲᠤ ᠨᠢᠭᠡᠳᠪᠦᠷᠢ᠂ ᠲᠠᠪᠤᠨ ᠴᠠᠭᠠᠷᠢᠭᠲᠤ ᠭᠤᠷᠪᠠᠴᠢ ᠲᠧᠷᠫᠧᠨ᠂ ᠴᠢᠯᠦᠭᠡᠲᠡᠢ ᠳ᠋ᠠᠩ ᠰᠢᠬᠢᠷ ᠵᠡᠷᠭᠡ ᠨᠢᠭᠡᠳᠪᠦᠷᠢ ᠵᠢ ᠠᠭᠤᠯᠤᠨ᠎ᠠ᠃ ᠲᠤᠰ ᠥᠭᠦᠯᠡᠯ ᠳ᠋ᠤ᠌ ᠭᠣᠣᠯᠳᠠᠭᠤ ᠨᠢᠴᠦᠭᠦᠨ ᠠᠯᠲᠠᠨ ᠪᠥᠭᠡᠷ᠎ᠡ ᠶ᠋ᠢᠨ ᠬᠢᠮᠢ ᠶ᠋ᠢᠨ ᠪᠦᠷᠢᠯᠳᠦᠬᠦᠨ ᠪᠠ ᠡᠮ ᠵᠦᠢ ᠶ᠋ᠢᠨ ᠦᠢᠯᠡᠳᠦᠯ ᠦ᠋ᠨ ᠲᠤᠬᠠᠢ ᠲᠣᠪᠴᠢᠯᠠᠨ ᠬᠤᠷᠢᠶᠠᠩᠭᠤᠢᠯᠠᠵᠤ᠂ ᠨᠢᠴᠦᠭᠦᠨ ᠠᠯᠲᠠᠨ ᠪᠥᠭᠡᠷ᠎ᠡ ᠶ᠋ᠢᠨ ᠴᠢᠨᠠᠷ ᠤ᠋ᠨ ᠲᠣᠭᠲᠠᠭᠠᠯᠲᠠ ᠬᠢᠭᠡᠳ ᠬᠣᠢᠰᠢᠳᠠ ᠶ᠋ᠢᠨ ᠬᠡᠷᠡᠭᠯᠡᠯᠲᠡ ᠪᠠ ᠬᠥᠭᠵᠢᠯᠲᠡ ᠳ᠋ᠤ᠌ ᠵᠣᠬᠢᠬᠤ ᠬᠡᠮᠵᠢᠶᠡᠨ ᠤ᠋ ᠦᠨᠳᠦᠰᠦ ᠪᠠᠷᠢᠮᠲᠠ ᠬᠠᠩᠭᠠᠨ᠎ᠠ᠃