ᠮᠣᠩᠭᠤᠯ ᠡᠮ ᠴᠢᠳᠠᠭᠴᠢ-13 ᠪᠠᠷ ᠬᠣᠶᠠᠳᠤᠭᠠᠷ ᠬᠡᠯᠪᠡᠷᠢ ᠶ᠋ᠢᠨ ᠰᠢᠬᠢᠷ ᠰᠢᠵᠢᠩ ᠡᠪᠡᠳᠴᠢᠨ ᠢ᠋ ᠡᠮᠨᠡᠨ ᠵᠠᠰᠠᠭᠰᠠᠨ ᠡᠮᠴᠢᠯᠡᠭᠡᠨ ᠤ᠋ ᠰᠤᠳᠤᠯᠭ᠎ᠠ
ᠢᠷᠡᠯᠲᠡ: ᠪᠠᠢᠭᠠᠯᠢ ᠶ᠋ᠢᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠰᠢᠨᠵᠢᠯᠡᠬᠦ ᠤᠬᠠᠭᠠᠨ -> 201801
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/08/31
ᠦᠵᠡᠭᠰᠡᠨ ᠤᠳᠠᠭ᠎ᠠ: 2ᠤᠳᠠᠭ᠎ᠠ
ᠵᠣᠬᠢᠶᠠᠭᠴᠢ᠄ ᠯᠢᠦ ᠰᠠᠷᠠᠨ
ᠵᠠᠩᠭᠢᠯᠠᠭ᠎ᠠ ᠦᠭᠡ᠄ ᠮᠣᠩᠭᠤᠯ ᠡᠮ ᠴᠢᠳᠠᠭᠴᠢ-13︔ ᠬᠣᠶᠠᠳᠤᠭᠠᠷ ᠬᠡᠯᠪᠡᠷᠢ ᠶ᠋ᠢᠨ ᠰᠢᠬᠢᠷ ᠰᠢᠵᠢᠩ ᠡᠪᠡᠳᠴᠢᠨ᠃ ᠡᠮᠴᠢᠯᠡᠭᠡᠨ ᠤ᠋ ᠠᠴᠢ ᠲᠤᠰᠠ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠮᠣᠩᠭᠤᠯ ᠡᠮ ᠴᠢᠳᠠᠭᠴᠢ-13 ᠪᠠᠷ ᠬᠣᠶᠠᠳᠤᠭᠠᠷ ᠬᠡᠯᠪᠡᠷᠢ ᠶ᠋ᠢᠨ ᠰᠢᠬᠢᠷ ᠰᠢᠵᠢᠩ ᠡᠪᠡᠳᠴᠢᠨ ᠢ᠋ ᠡᠮᠨᠡᠨ ᠵᠠᠰᠠᠵᠤ ᠡᠮᠴᠢᠯᠡᠭᠡᠨ ᠤ᠋ ᠠᠴᠢ ᠲᠤᠰᠠ ᠵᠢ ᠦᠨᠡᠯᠡᠨ᠎ᠡ᠃ ᠠᠷᠭ᠎ᠠ᠄ ᠬᠣᠶᠠᠳᠤᠭᠠᠷ ᠬᠡᠯᠪᠡᠷᠢ ᠶ᠋ᠢᠨ ᠰᠢᠬᠢᠷ ᠰᠢᠵᠢᠩ ᠡᠪᠡᠳᠴᠢᠨ ᠤ᠋ ᠣᠨᠤᠰᠢᠯᠠᠯ ᠤ᠋ᠨ ᠪᠠᠷᠢᠮᠵᠢᠶ᠎ᠠ ᠳ᠋ᠤ᠌ ᠨᠡᠢᠴᠡᠭᠰᠡᠨ80 ᠵᠢᠱ᠌ᠢᠶ᠎ᠡ ᠡᠪᠡᠳᠴᠢᠲᠡᠨ ᠢ᠋ ᠲᠠᠰᠢᠷᠠᠮ ᠰᠠᠴᠠᠭᠤ ᠪᠠᠷ ᠡᠮᠨᠡᠨ ᠵᠠᠰᠠᠬᠤ ᠳᠤᠭᠤᠢᠯᠠᠩ ᠪᠠ ᠬᠠᠷᠢᠴᠠᠭᠤᠯᠬᠤ ᠳᠤᠭᠤᠢᠯᠠᠩ ᠭᠡᠵᠦ ᠬᠤᠪᠢᠶᠠᠵᠤ᠂ ᠳᠤᠭᠤᠢᠯᠠᠩ ᠪᠦᠷᠢ40 ᠵᠢᠱ᠌ᠢᠶ᠎ᠡ ᠡᠪᠡᠳᠴᠢᠲᠡᠨ ᠢ᠋ ᠲᠣᠬᠢᠷᠠᠭᠤᠯᠪᠠ᠃ ᠬᠠᠷᠢᠴᠠᠭᠤᠯᠬᠤ ᠳᠤᠭᠤᠢᠯᠠᠩ ᠳ᠋ᠤ᠌ ᠴᠢᠰᠤᠨ ᠰᠢᠬᠢᠷ ᠪᠠᠭᠤᠷᠠᠭᠤᠯᠬᠤ ᠡᠸᠦ᠋ᠷᠦᠫᠡ ᠡᠮ ᠡᠯ ᠵᠢᠶᠠ ᠭᠤᠸ᠎ᠠ ᠬᠡᠷᠡᠭᠯᠡᠪᠡ᠃ ᠡᠮᠨᠡᠨ ᠵᠠᠰᠠᠬᠤ ᠳᠤᠭᠤᠢᠯᠠᠩ ᠳ᠋ᠤ᠌ ᠡᠸᠦ᠋ᠷᠦᠫᠡ ᠡᠮ ᠡᠯ ᠵᠢᠶᠠ ᠱᠤᠸᠠᠩ ᠭᠤᠸᠠᠨ ᠬᠡᠷᠡᠭᠯᠡᠬᠦ ᠰᠠᠭᠤᠷᠢ ᠳᠡᠭᠡᠷ᠎ᠡ ᠮᠣᠩᠭᠤᠯ ᠡᠮ ᠴᠢᠳᠠᠭᠴᠢ-13 ᠨᠡᠮᠡᠵᠦ ᠤᠤᠭᠤᠯᠭᠠᠪᠠ᠃ ᠡᠮᠴᠢᠯᠡᠭᠡᠨ ᠤ᠋ ᠬᠤᠭᠤᠴᠠᠭ᠎ᠠ8 ᠭᠠᠷᠠᠭ᠃ ᠦᠷ᠎ᠡ ᠳ᠋ᠦᠩ᠄ ᠡᠮᠨᠡᠨ ᠵᠠᠰᠠᠬᠤ ᠳᠤᠭᠤᠢᠯᠠᠩ ᠤ᠋ᠨ ᠦᠯᠦᠨ ᠦᠶ᠎ᠡ ᠶ᠋ᠢᠨ ᠴᠢᠰᠤᠨ ᠰᠢᠬᠢᠷ ᠦ᠋ᠨ ᠬᠡᠮᠵᠢᠶ᠎ᠡ ᠪᠠ ᠬᠣᠭᠤᠯᠠᠨ ᠤ᠋ ᠳᠠᠷᠠᠭᠠᠬᠢ2 ᠴᠠᠭ ᠤ᠋ᠨ ᠴᠢᠰᠤᠨ ᠰᠢᠬᠢᠷ ᠦ᠋ᠨ ᠬᠡᠮᠵᠢᠶ᠎ᠡ ᠨᠢ ᠬᠠᠷᠢᠴᠠᠭᠤᠯᠬᠤ ᠳᠤᠭᠤᠢᠯᠠᠩ ᠲᠠᠢ ᠬᠠᠷᠢᠴᠠᠭᠤᠯᠬᠤ ᠳ᠋ᠤ᠌ ᠢᠯᠡᠷᠬᠡᠢ ᠵᠥᠷᠢᠶ᠎ᠡ ᠲᠠᠢ︵P<0.05︶᠃ ᠡᠮᠨᠡᠨ ᠵᠠᠰᠠᠬᠤ ᠳᠤᠭᠤᠢᠯᠠᠩ ᠤ᠋ᠨ ᠡᠮᠴᠢᠯᠡᠭᠡᠨ ᠤ᠋ ᠶᠡᠷᠦᠩᠬᠡᠢ ᠰᠠᠢᠵᠢᠷᠠᠭᠰᠠᠨ ᠨᠤᠷᠮ᠎ᠠ ᠨᠢ ᠬᠠᠷᠢᠴᠠᠭᠤᠯᠬᠤ ᠳᠤᠭᠤᠢᠯᠠᠩ ᠠ᠋ᠴᠠ ᠮᠡᠳᠡᠭᠳᠡᠮ᠎ᠡ ᠥᠨᠳᠦᠷ︵P<0.05︶᠃ ᠬᠣᠶᠠᠷ ᠳᠤᠭᠤᠢᠯᠠᠩ ᠤ᠋ᠨ ᠡᠯ ᠵᠢᠶᠠ ᠱᠤᠸᠠᠩ ᠭᠤᠸ᠎ᠠ ᠶ᠋ᠢᠨ ᠭᠠᠵᠢᠭᠤ ᠦᠢᠯᠡᠳᠦᠯ ᠡᠭᠦᠰᠬᠦ ᠨᠤᠷᠮ᠎ᠠ ᠵᠢ ᠬᠠᠷᠢᠴᠠᠭᠤᠯᠬᠤ ᠳ᠋ᠤ᠌ ᠡᠮᠨᠡᠨ ᠵᠠᠰᠠᠬᠤ ᠳᠤᠭᠤᠢᠯᠠᠩ ᠤ᠋ᠨ ᠭᠠᠵᠢᠭᠤ ᠦᠢᠯᠡᠳᠦᠯ ᠡᠭᠦᠰᠬᠦ ᠨᠤᠷᠮ᠎ᠠ ᠨᠢ ᠬᠠᠷᠢᠴᠠᠭᠤᠯᠬᠤ ᠳᠤᠭᠤᠢᠯᠠᠩ ᠠ᠋ᠴᠠ ᠢᠯᠡᠷᠬᠡᠢ ᠪᠠᠭ᠎ᠠ ᠪᠠᠢᠳᠠᠭ︵P<0.05︶᠃ ᠳ᠋ᠦᠩᠨᠡᠯᠲᠡ᠄ ᠮᠣᠩᠭᠤᠯ ᠡᠮ ᠴᠢᠳᠠᠭᠴᠢ-13 ᠨᠢ ᠬᠣᠶᠠᠳᠤᠭᠠᠷ ᠬᠡᠯᠪᠡᠷᠢ ᠶ᠋ᠢᠨ ᠰᠢᠬᠢᠷ ᠰᠢᠵᠢᠩ ᠡᠪᠡᠳᠴᠢᠨ ᠲᠠᠢ ᠡᠪᠡᠳᠴᠢᠲᠡᠨ ᠤ᠋ ᠴᠢᠰᠤᠨ ᠰᠢᠬᠢᠷ ᠢ᠋ ᠮᠡᠳᠡᠭᠳᠡᠮ᠎ᠡ ᠪᠠᠭᠤᠷᠠᠭᠤᠯᠬᠤ ᠦᠢᠯᠡᠳᠦᠯ ᠲᠠᠢ ᠪᠥᠭᠡᠳ ᠡᠮᠴᠢᠯᠡᠭᠡᠨ ᠤ᠋ ᠶᠡᠷᠦᠩᠬᠡᠢ ᠰᠠᠢᠵᠢᠷᠠᠯᠲᠠ ᠶ᠋ᠢᠨ ᠨᠤᠷᠮ᠎ᠠ ᠵᠢ ᠳᠡᠭᠡᠭᠰᠢᠯᠡᠭᠦᠯᠵᠦ᠂ ᠡᠯ ᠵᠢᠶᠠ ᠱᠤᠸᠠᠩ ᠭᠤᠸ᠎ᠠ ᠶ᠋ᠢᠨ ᠰᠢᠩᠭᠡᠭᠡᠯᠲᠡ ᠶ᠋ᠢᠨ ᠰᠢᠰᠲ᠋ᠧᠮ ᠦ᠋ᠨ ᠭᠠᠵᠢᠭᠤ ᠦᠢᠯᠡᠳᠦᠯ ᠢ᠋ ᠪᠠᠭᠠᠰᠭᠠᠬᠤ ᠵᠡᠷᠭᠡ ᠳᠠᠪᠠᠭᠤᠯᠢᠭ ᠲᠠᠯ᠎ᠠ ᠲᠠᠢ᠃