ᠬᠤᠭᠤᠴᠠᠭᠠᠲᠦ ᠰᠡᠳᠭᠦᠯ
>
ᠥᠪᠦᠷ ᠮᠣᠩᠭᠤᠯ ᠤ᠋ᠨ ᠮᠠᠯ ᠠᠵᠤ ᠠᠬᠤᠢ
>
ᠰᠢᠨᠵᠢᠶᠠᠩ ᠤ᠋ᠨ ᠮᠠᠯ ᠠᠵᠤ ᠠᠬᠤᠢ
>
ᠰᠢᠨᠵᠢᠯᠡᠬᠦ ᠤᠬᠠᠭᠠᠨ ᠠᠮᠢᠳᠤᠷᠠᠯ
>
ᠥᠪᠦᠷ ᠮᠣᠩᠭᠤᠯ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ
>
ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠪᠠᠢᠭᠠᠯᠢ ᠶ᠋ᠢᠨ ᠰᠢᠨᠵᠢᠯᠡ
>
ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠮᠣᠩᠭᠤᠯ ᠠᠨᠠᠭᠠᠬᠤ ᠤᠬᠠᠭᠠ
>
ᠮᠣᠩᠭᠤᠯ ᠠᠳᠤᠭᠤ
>
ᠥᠪᠦᠷ ᠮᠣᠩᠭᠤᠯ ᠤ᠋ᠨ ᠮᠠᠯ ᠠᠵᠤ ᠠᠬᠤᠢ ᠵᠢᠨ ᠰᠢᠨᠵᠢᠯᠡᠬᠦ ᠤᠬᠠᠭᠠᠨ
>
ᠥᠪᠦᠷ ᠮᠣᠩᠭᠤᠯ ᠤ᠋ᠨ ᠮᠠᠯ ᠡᠮᠨᠡᠯᠭᠡ
>
ᠲᠣᠭᠠᠨ ᠤ᠋ ᠤᠬᠠᠭᠠᠨ ᠤ᠋ ᠭᠠᠷ ᠪᠢᠴᠢᠮᠡᠯ
>
ᠥᠪᠦᠷ ᠮᠣᠩᠭᠤᠯ ᠤ᠋ᠨ ᠦᠨᠳᠦᠰᠦᠲᠡᠨ ᠦ᠌ ᠡᠮᠨᠡᠯᠭᠡ ᠶ᠋ᠢᠨ ᠳᠡᠭᠡᠳᠦ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ

ᠥᠪᠦᠷ ᠮᠣᠩᠭᠤᠯ ᠣᠷᠤᠨ ᠤ᠋ ᠬᠦᠷᠡᠩ ᠨᠡᠭᠦᠷᠡᠰᠦᠨ ᠳ᠋ᠡᠬᠢ ᠲᠡᠮᠦᠷᠯᠢᠭ ᠡᠯᠧᠮᠧᠨ᠋ᠲ ᠦ᠋ᠨ ᠠᠭᠤᠯᠤᠭᠳᠠᠴᠠ ᠬᠢᠭᠡᠳ ᠬᠦᠨᠳᠦ ᠲᠡᠮᠦᠷᠯᠢᠭ ᠦ᠋ᠨ ᠳᠡᠰ ᠢ᠋ ᠬᠡᠮᠵᠢᠨ ᠲᠣᠭᠲᠠᠭᠠᠬᠤ ᠨᠢ

ᠢᠷᠡᠯᠲᠡ: ᠪᠠᠢᠭᠠᠯᠢ ᠶ᠋ᠢᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠰᠢᠨᠵᠢᠯᠡᠬᠦ ᠤᠬᠠᠭᠠᠨ -> 201501
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/08/29
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠪᠣᠣ ᠬᠠᠢ
ᠵᠠᠩᠭᠢᠯᠠᠭ᠎ᠠ ᠦᠭᠡ᠄ ᠥᠪᠦᠷ ᠮᠣᠩᠭᠤᠯ︔ ᠬᠦᠷᠡᠩ ᠨᠡᠭᠦᠷᠡᠰᠦ︔ ᠲᠡᠮᠦᠷᠯᠢᠭ ᠡᠯᠧᠮᠧᠨ᠋ᠲ︔ ᠬᠦᠨᠳᠦ ᠲᠡᠮᠦᠷᠯᠢᠭ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠲᠤᠰ ᠥᠭᠦᠯᠡᠯ ᠥᠪᠦᠷ ᠮᠣᠩᠭᠤᠯ ᠤ᠋ᠨ ᠰᠢᠯᠢ ᠶ᠋ᠢᠨ ᠭᠣᠣᠯ ᠠᠢᠮᠠᠭ ᠪᠠ ᠣᠷᠳᠤᠰ ᠬᠣᠲᠠ ᠶ᠋ᠢᠨ ᠵᠡᠭᠦᠨᠭᠠᠷ ᠬᠣᠰᠢᠭᠤᠨ ᠤ᠋ ᠬᠦᠷᠡᠩ ᠨᠡᠭᠦᠷᠡᠰᠦᠨ ᠳ᠋ᠡᠬᠢ ᠲᠡᠮᠦᠷᠯᠢᠭ ᠡᠯᠧᠮᠧᠨ᠋ᠲ ᠦ᠋ᠨ ᠠᠭᠤᠯᠤᠭᠳᠠᠴᠠ ᠬᠢᠭᠡᠳ ᠬᠦᠨᠳᠦ ᠲᠡᠮᠦᠷᠯᠢᠭ ᠦ᠋ᠨ ᠨᠡᠭᠦᠷᠡᠰᠦᠨ ᠳᠡᠰ ᠢ᠋ ᠬᠡᠮᠵᠢᠨ ᠲᠣᠭᠲᠠᠭᠠᠬᠤ ᠪᠠᠷ ᠵᠣᠷᠢᠯᠭ᠎ᠠ ᠪᠣᠯᠭᠠᠵᠤ᠂ ᠨᠡᠭᠦᠷᠡᠰᠦᠨ ᠰᠣᠷᠢᠴᠠ ᠪᠠᠨ ᠦᠨᠡᠰᠦᠵᠢᠭᠦᠯᠦᠭᠰᠡᠨ ᠤ᠋ ᠳᠠᠷᠠᠭ᠎ᠠHNO3—HCIᠬᠣᠯᠢᠮᠠᠭ ᠬᠦᠴᠢᠯ ᠢ᠋ᠶ᠋ᠡᠷ ᠠᠭᠤᠰᠭᠠᠵᠤ᠂ ᠲᠡᠩᠴᠡᠯ ᠢᠶᠣᠨᠲᠤ ᠠᠲ᠋ᠣᠮ ᠤ᠋ᠨ ᠭᠡᠷᠡᠯ ᠵᠢᠭᠰᠠᠯ ᠦ᠋ᠨ ᠬᠡᠮᠵᠢᠶᠡᠯᠡᠪᠦᠷᠢ︵ICP-1000︶ ᠵᠢ ᠬᠡᠷᠡᠭᠯᠡᠵᠦ᠂ ᠨᠡᠭᠦᠷᠡᠰᠦᠨ ᠰᠣᠷᠢᠴᠠ ᠳ᠋ᠠᠬᠢ ᠲᠡᠮᠦᠷᠯᠢᠭ ᠡᠯᠧᠮᠧᠨ᠋ᠲ ᠦ᠋ᠨ ᠠᠭᠤᠯᠤᠭᠳᠠᠴᠠ ᠵᠢ ᠬᠡᠮᠵᠢᠨ ᠲᠣᠭᠲᠠᠭᠠᠪᠠ᠃ ᠲᠤᠷᠰᠢᠯᠲᠠ ᠶ᠋ᠢᠨ ᠦᠷ᠎ᠡ ᠳ᠋ᠦᠩ ᠭᠡᠷᠡᠴᠢᠯᠡᠭᠰᠡᠨ ᠨᠢ᠂ ᠲᠤᠰ ᠬᠣᠶᠠᠷ ᠭᠠᠵᠠᠷ ᠤ᠋ᠨ ᠬᠦᠷᠡᠩ ᠨᠡᠭᠦᠷᠡᠰᠦᠨ ᠳ᠋ᠤ᠌Cd,Ag,Co,Cu,Cr,Mn,Zn,Pb,As,Feᠵᠡᠷᠭᠡ10 ᠵᠦᠢᠯ ᠦ᠋ᠨ ᠬᠦᠨᠳᠦ ᠲᠡᠮᠦᠷᠯᠢᠭ ᠪᠠMg,AI,Ca,Sr ᠵᠡᠷᠭᠡ4 ᠵᠦᠢᠯ ᠦ᠋ᠨ ᠬᠥᠩᠭᠡᠨ ᠲᠡᠮᠦᠷᠯᠢᠭ ᠡᠯᠧᠮᠧᠨ᠋ᠲ ᠠᠭᠤᠯᠤᠭᠳᠠᠵᠤ᠂ ᠰᠢᠯᠢ ᠶ᠋ᠢᠨ ᠭᠣᠣᠯ ᠠᠢᠮᠠᠭ ᠤ᠋ᠨ ᠬᠦᠷᠡᠩ ᠨᠡᠭᠦᠷᠡᠰᠦ ᠪᠠ ᠳᠥᠳᠦᠭᠡᠷ ᠳᠡᠰᠲᠦ ᠠᠷᠰᠧᠨ ᠠᠭᠤᠯᠬᠤ ᠨᠡᠭᠦᠷᠡᠰᠦᠨ ᠳ᠋ᠤ᠌ ᠬᠠᠷᠢᠶᠠᠯᠠᠭᠳᠠᠵᠤ᠂ ᠣᠷᠳᠤᠰ ᠬᠣᠲᠠ ᠶ᠋ᠢᠨ ᠵᠡᠭᠦᠨᠭᠠᠷ ᠬᠣᠰᠢᠭᠤᠨ ᠤ᠋ ᠬᠦᠷᠡᠩ ᠨᠡᠭᠦᠷᠡᠰᠦ ᠨᠢ ᠥᠨᠳᠦᠷ ᠳᠡᠰᠲᠦ ᠬᠠᠷ᠎ᠠ ᠲᠤᠭᠤᠯᠭᠠᠲᠤ ᠨᠡᠭᠦᠷᠡᠰᠦ᠂ ᠥᠨᠳᠦᠷ ᠳᠡᠰᠲᠦ ᠺᠠᠳ᠋ᠮᠢᠳᠤ ᠨᠡᠭᠦᠷᠡᠰᠦ᠂ ᠥᠨᠳᠦᠷ ᠳᠡᠰᠲᠦ ᠾᠷᠣᠮᠲᠤ ᠨᠡᠭᠦᠷᠡᠰᠦ ᠪᠠ ᠳᠥᠳᠦᠭᠡᠷ ᠳᠡᠰᠲᠦ ᠠᠷᠰᠧᠨ ᠠᠭᠤᠯᠬᠤ ᠨᠡᠭᠦᠷᠡᠰᠦᠨ ᠳ᠋ᠤ᠌ ᠬᠠᠷᠢᠶᠠᠯᠠᠭᠳᠠᠬᠤ ᠵᠢ ᠨᠤᠲᠠᠯᠠᠪᠠ᠃