ᠬᠤᠭᠤᠴᠠᠭᠠᠲᠦ ᠰᠡᠳᠭᠦᠯ
>
ᠥᠪᠦᠷ ᠮᠣᠩᠭᠤᠯ ᠤ᠋ᠨ ᠮᠠᠯ ᠠᠵᠤ ᠠᠬᠤᠢ
>
ᠰᠢᠨᠵᠢᠶᠠᠩ ᠤ᠋ᠨ ᠮᠠᠯ ᠠᠵᠤ ᠠᠬᠤᠢ
>
ᠰᠢᠨᠵᠢᠯᠡᠬᠦ ᠤᠬᠠᠭᠠᠨ ᠠᠮᠢᠳᠤᠷᠠᠯ
>
ᠥᠪᠦᠷ ᠮᠣᠩᠭᠤᠯ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ
>
ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠪᠠᠢᠭᠠᠯᠢ ᠶ᠋ᠢᠨ ᠰᠢᠨᠵᠢᠯᠡ
>
ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠮᠣᠩᠭᠤᠯ ᠠᠨᠠᠭᠠᠬᠤ ᠤᠬᠠᠭᠠ
>
ᠮᠣᠩᠭᠤᠯ ᠠᠳᠤᠭᠤ
>
ᠥᠪᠦᠷ ᠮᠣᠩᠭᠤᠯ ᠤ᠋ᠨ ᠮᠠᠯ ᠠᠵᠤ ᠠᠬᠤᠢ ᠵᠢᠨ ᠰᠢᠨᠵᠢᠯᠡᠬᠦ ᠤᠬᠠᠭᠠᠨ
>
ᠥᠪᠦᠷ ᠮᠣᠩᠭᠤᠯ ᠤ᠋ᠨ ᠮᠠᠯ ᠡᠮᠨᠡᠯᠭᠡ
>
ᠲᠣᠭᠠᠨ ᠤ᠋ ᠤᠬᠠᠭᠠᠨ ᠤ᠋ ᠭᠠᠷ ᠪᠢᠴᠢᠮᠡᠯ
>
ᠥᠪᠦᠷ ᠮᠣᠩᠭᠤᠯ ᠤ᠋ᠨ ᠦᠨᠳᠦᠰᠦᠲᠡᠨ ᠦ᠌ ᠡᠮᠨᠡᠯᠭᠡ ᠶ᠋ᠢᠨ ᠳᠡᠭᠡᠳᠦ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ

ᠥᠪᠦᠷ ᠮᠣᠩᠭᠤᠯ ᠣᠷᠤᠨ ᠳ᠋ᠠᠬᠢ ᠦᠬᠡᠷ ᠦ᠋ᠨ ᠮᠢᠬᠠᠨ ᠪᠣᠷᠴᠠ ᠳ᠋ᠤ᠌ ᠬᠠᠭᠤᠷᠮᠠᠭ ᠡᠳ᠋ ᠪᠠᠢᠬᠤ ᠡᠰᠡᠬᠦ ᠵᠢPCR ᠲᠧᠭᠨᠢᠭ ᠢ᠋ᠶ᠋ᠡᠷ ᠪᠠᠢᠴᠠᠭᠠᠭᠰᠠᠨ ᠨᠢ

ᠢᠷᠡᠯᠲᠡ: ᠪᠠᠢᠭᠠᠯᠢ ᠶ᠋ᠢᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠰᠢᠨᠵᠢᠯᠡᠬᠦ ᠤᠬᠠᠭᠠᠨ -> 201501
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/08/29
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠤᠯᠠᠭᠠᠨᠴᠡᠴᠡᠭ᠂ ᠲᠡᠨᠢᠭᠡᠷ᠂ ᠭᠦᠸᠧ ᠵᠧᠩ ᠸᠧᠨ᠂ ᠭᠡᠷᠡᠯᠲᠦ
ᠵᠠᠩᠭᠢᠯᠠᠭ᠎ᠠ ᠦᠭᠡ᠄ PCRᠲᠧᠭᠨᠢᠭ︔ ᠦᠬᠡᠷ ᠦ᠋ᠨ ᠮᠢᠬᠠᠨ ᠪᠣᠷᠴᠠ︔ ᠬᠠᠭᠤᠷᠮᠠᠭ ᠡᠳ᠋︔ ᠪᠠᠢᠴᠠᠭᠠᠯᠲᠠ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠲᠤᠰ ᠥᠭᠦᠯᠡᠯ ᠳ᠋ᠤ᠌ ᠲᠣᠳᠣᠷᠠᠬᠠᠢ ᠢᠷᠡᠯᠲᠡᠢ ᠰᠢᠨ᠎ᠡ ᠦᠬᠡᠷ ᠦ᠋ᠨ ᠮᠢᠬ᠎ᠠ᠂ ᠭᠠᠬᠠᠢ ᠶ᠋ᠢᠨ ᠮᠢᠬ᠎ᠠ ᠪᠣᠯᠤᠨ ᠨᠤᠭᠤᠰᠤᠨ ᠮᠢᠬ᠎ᠠ ᠶ᠋ᠢᠨ ᠭᠧᠨ ᠤ᠋ ᠪᠦᠯᠦᠭ ᠦ᠋ᠨDAN ᠵᠢ ᠠᠰᠢᠭᠯᠠᠨ᠂ ᠥᠪᠡᠷᠮᠢᠴᠡ ᠴᠢᠨᠠᠷ ᠢ᠋ᠶ᠋ᠠᠷ ᠴᠢᠩᠭ᠎ᠠ ᠭᠤᠷᠪᠠᠨ ᠬᠣᠣᠰ ᠤᠳᠤᠷᠢᠳᠬᠤ ᠬᠡᠯᠬᠢᠶ᠎ᠡ ᠪᠣᠳᠠᠰ ᠢ᠋ ᠲᠥᠰᠦᠪᠯᠡᠨ ᠭᠠᠷᠭᠠᠵᠤ᠂ ᠥᠪᠡᠷᠮᠢᠴᠡ ᠴᠢᠨᠠᠷ ᠪᠠ ᠰᠣᠷᠭᠤᠭ ᠴᠢᠨᠠᠷ ᠢ᠋ᠶ᠋ᠠᠷ ᠥᠨᠳᠦᠷPCR ᠲᠤᠷᠰᠢᠯᠲᠠ ᠶ᠋ᠢᠨ ᠠᠷᠭ᠎ᠠ ᠵᠢ ᠡᠭᠦᠳᠪᠡ᠃ ᠮᠥᠨ ᠲᠤᠰ ᠠᠷᠭ᠎ᠠ ᠵᠢ ᠬᠡᠷᠡᠭᠯᠡᠵᠦ᠂ ᠵᠠᠬ᠎ᠠ ᠳᠡᠯᠭᠡᠭᠦᠷ ᠲᠦ᠍ ᠪᠠᠢᠭ᠎ᠠ︽ ᠪᠣᠷᠴᠠ︾᠂︽ ᠠᠮᠢᠨ︾᠂︽ ᠮᠧᠩ ᠳ᠋ᠠ︾ ᠲᠡᠮᠳᠡᠭᠲᠦ ᠤᠯᠠᠮᠵᠢᠯᠠᠯᠲᠤ ᠬᠠᠲᠠᠭᠠᠭᠰᠠᠨ ᠮᠢᠬ᠎ᠠ ᠪᠣᠯᠤᠨ ᠲᠣᠳᠣᠷᠠᠬᠠᠢ ᠢᠷᠡᠯᠲᠡ ᠦᠭᠡᠢ ᠡᠯᠳᠡᠪ ᠦ᠋ᠨ ᠲᠡᠮᠳᠡᠭᠲᠦ ᠮᠢᠬ᠎ᠠ ᠳ᠋ᠤ᠌ ᠰᠢᠯᠭᠠᠨ ᠪᠠᠢᠴᠠᠭᠠᠯᠲᠠ ᠬᠢᠵᠡᠢ᠃ ᠲᠤᠷᠰᠢᠯᠲᠠ ᠶ᠋ᠢᠨ ᠦᠷ᠎ᠡ ᠳ᠋ᠦᠩ ᠳ᠋ᠤ᠌ ᠭᠤᠷᠪᠠᠨ ᠲᠥᠷᠦᠯ ᠦ᠋ᠨ ᠲᠡᠮᠳᠡᠭᠲᠦ ᠤᠯᠠᠮᠵᠢᠯᠠᠯᠲᠤ ᠪᠣᠷᠴᠠ ᠳ᠋ᠤ᠌ ᠬᠠᠭᠤᠷᠮᠠᠭ ᠮᠢᠬ᠎ᠠ ᠶ᠋ᠢᠨ ᠵᠦᠢᠯ ᠪᠠᠢᠴᠠᠭᠠᠭᠳᠠᠵᠤ ᠭᠠᠷᠤᠭᠰᠠᠨ ᠦᠭᠡᠢ᠂ ᠭᠡᠲᠡᠯ᠎ᠡ ᠲᠣᠳᠣᠷᠠᠬᠠᠢ ᠢᠷᠡᠯᠲᠡ ᠦᠭᠡᠢ ᠡᠯᠳᠡᠪ ᠦ᠋ᠨ ᠲᠡᠮᠳᠡᠭᠲᠦ ᠪᠣᠷᠴᠠ ᠳ᠋ᠤ᠌ ᠨᠤᠭᠤᠰᠤᠨ ᠮᠢᠬ᠎ᠠ ᠣᠷᠤᠰᠢᠵᠤ ᠪᠠᠢᠬᠤ ᠵᠢ ᠪᠠᠢᠴᠠᠭᠠᠨ ᠲᠣᠳᠤᠯᠠᠵᠠᠢ᠃ ᠲᠤᠰ ᠥᠭᠦᠯᠡᠯ ᠵᠠᠬ᠎ᠠ ᠳᠡᠯᠭᠡᠭᠦᠷ ᠲᠡᠬᠢ ᠦᠬᠡᠷ ᠦ᠋ᠨ ᠮᠢᠬ᠎ᠠ ᠶ᠋ᠢᠨ ᠪᠦᠲᠦᠭᠡᠭᠳᠡᠬᠦᠨ ᠢ᠋ ᠬᠠᠮᠢᠶ᠎ᠠ ᠪᠦᠬᠦᠢ ᠪᠠᠢᠭᠤᠯᠤᠯᠭ᠎ᠠᠨᠢᠭᠡᠴᠡ ᠡᠴᠡ ᠵᠠᠪᠠᠯ ᠴᠠᠭ ᠢᠮᠠᠭᠲᠠ ᠪᠠᠢᠴᠠᠭᠠᠨ ᠰᠢᠯᠭᠠᠬᠤ ᠪᠠᠷ ᠳᠠᠮᠵᠢᠨ ᠬᠡᠷᠡᠭᠯᠡᠭᠴᠢᠳ ᠤ᠋ᠨ ᠬᠠᠤᠯᠢ ᠶᠣᠰᠤᠨ ᠤ᠋ ᠡᠷᠬᠡ ᠠᠰᠢᠭ ᠪᠠ ᠡᠷᠡᠭᠦᠯ ᠮᠡᠨᠳᠦ ᠵᠢ ᠦᠨᠡᠨ ᠬᠦ ᠬᠠᠮᠠᠭᠠᠯᠠᠬᠤ ᠬᠡᠷᠡᠭᠲᠡᠢ ᠭᠡᠳᠡᠭ ᠢ᠋ ᠰᠡᠷᠡᠮᠵᠢᠯᠡᠭᠦᠯᠦᠭᠰᠡᠨ ᠪᠥᠭᠡᠳ ᠥᠪᠡᠷᠮᠢᠴᠡ ᠴᠢᠨᠠᠷ ᠪᠠ ᠰᠣᠷᠭᠤᠭ ᠴᠢᠨᠠᠷ ᠢ᠋ᠶ᠋ᠠᠷ ᠥᠨᠳᠦᠷPCRᠲᠤᠷᠰᠢᠯᠲᠠ ᠶ᠋ᠢᠨ ᠠᠷᠭ᠎ᠠ ᠵᠢ ᠲᠦᠭᠡᠮᠡᠯᠵᠢᠭᠦᠯᠬᠦ ᠳ᠋ᠤ᠌ ᠰᠠᠭᠤᠷᠢ ᠲᠠᠯᠪᠢᠨ ᠥᠭᠴᠡᠢ᠃