ᠮᠣᠩᠭᠤᠯ ᠬᠣᠶᠠᠷ ᠪᠥᠬᠦᠲᠦ ᠲᠡᠮᠡᠭᠡᠨ ᠳ᠋ᠤ᠌ ᠲᠣᠬᠢᠶᠠᠯᠳᠤᠬᠤ ᠵᠠᠷᠢᠮ ᠬᠠᠯᠳᠠᠪᠤᠷᠢᠲᠤ ᠡᠪᠡᠳᠴᠢᠨ ᠤ᠋ ᠲᠤᠬᠠᠢ ᠳ᠋ᠤ᠌
ᠢᠷᠡᠯᠲᠡ: ᠪᠠᠢᠭᠠᠯᠢ ᠶ᠋ᠢᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠰᠢᠨᠵᠢᠯᠡᠬᠦ ᠤᠬᠠᠭᠠᠨ -> 201502
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/08/30
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ﹇ ᠮᠣᠩᠭᠤᠯ﹈ ᠴ᠊ ᠴᠣᠭᠲᠤᠲᠤᠶᠠᠭᠠ
ᠵᠠᠩᠭᠢᠯᠠᠭ᠎ᠠ ᠦᠭᠡ᠄ ᠲᠡᠮᠡᠭᠡ︔ ᠬᠠᠯᠳᠠᠪᠤᠷᠢᠲᠤ ᠡᠪᠡᠳᠴᠢᠨ︔ ᠸᠠᠺᠼᠢᠨ︔ ᠲᠡᠮᠡᠴᠡᠬᠦ ᠠᠷᠭ᠎ᠠ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠲᠡᠮᠡᠭᠡᠨ ᠤ᠋ ᠠᠵᠤ ᠠᠬᠤᠢ ᠮᠣᠩᠭᠤᠯ ᠤᠯᠤᠰ ᠤ᠋ᠨ ᠮᠠᠯ ᠠᠵᠤ ᠠᠬᠤᠢ ᠶ᠋ᠢᠨ ᠰᠠᠯᠪᠤᠷᠢ ᠳ᠋ᠤ᠌ ᠴᠢᠬᠤᠯᠠ ᠪᠠᠢᠷᠢ ᠡᠵᠡᠯᠡᠳᠡᠭ᠃ ᠮᠣᠩᠭᠤᠯ ᠤ᠋ᠨ ᠲᠡᠮᠡᠭᠡᠨ ᠤ᠋ ᠲᠣᠭ᠎ᠠ ᠦᠶ᠎ᠡ ᠦᠶ᠎ᠡ ᠡᠷᠴᠢᠮᠲᠡᠢ ᠬᠣᠷᠤᠭᠳᠠᠵᠤ ᠤᠰᠠᠳᠬᠤ ᠠᠶᠤᠯ ᠤ᠋ᠨ ᠳᠣᠬᠢᠶ᠎ᠠ ᠥᠭᠴᠦ ᠪᠠᠢᠭᠰᠠᠨ ᠪᠣᠯ ᠰᠡᠭᠦᠯ ᠦ᠋ᠨ ᠵᠢᠯ ᠤ᠋ᠳ ᠲᠤ᠌ ᠴᠥᠭᠡᠨ ᠲᠣᠭ᠎ᠠ ᠪᠠᠷ ᠲᠣᠭᠲᠠᠪᠤᠷᠢᠲᠠᠢ ᠥᠰᠴᠦ ᠪᠠᠢᠭ᠎ᠠ᠃ ᠲᠡᠮᠡᠭᠡ ᠡᠪᠡᠳᠴᠢᠨ ᠡᠮᠭᠡᠭ ᠲᠦ᠍ ᠲᠡᠰᠪᠦᠷᠢᠲᠡᠢ ᠠᠮᠢᠲᠠᠨ ᠪᠣᠯᠪᠠᠴᠤ ᠮᠣᠩᠭᠤᠯ ᠤᠯᠤᠰ ᠲᠤ᠌ ᠨᠡᠯᠢᠶᠡᠳ ᠲᠥᠷᠦᠯ ᠦ᠋ᠨ ᠬᠠᠯᠳᠠᠪᠤᠷᠢᠲᠤ ᠫᠠᠷᠠᠽᠢᠲ ᠡᠪᠡᠳᠴᠢᠨ ᠢ᠋ᠶ᠋ᠡᠷ ᠲᠡᠮᠡᠭᠡ ᠡᠪᠡᠳᠴᠢᠯᠡᠵᠦ ᠪᠠᠢᠭᠰᠠᠨ ᠢ᠋ ᠲᠡᠮᠳᠡᠭᠯᠡᠨ ᠦᠯᠡᠳᠡᠭᠡᠵᠡᠢ᠃ ᠮᠣᠩᠭᠤᠯ ᠤᠯᠤᠰ ᠤ᠋ᠨ ᠲᠡᠮᠡᠭᠡᠨ ᠳ᠋ᠤ᠌ ᠲᠣᠬᠢᠶᠠᠯᠳᠤᠳᠠᠭ ᠵᠠᠷᠢᠮ ᠬᠠᠯᠳᠠᠪᠤᠷᠢᠲᠤ ᠡᠪᠡᠳᠴᠢᠨ᠂ ᠲᠡᠳᠡᠭᠡᠷ ᠦ᠋ᠨ ᠢᠯᠡᠷᠡᠬᠦ ᠰᠢᠨᠵᠢ᠂ ᠲᠡᠮᠡᠴᠡᠬᠦ ᠠᠷᠭ᠎ᠠ ᠬᠡᠮᠵᠢᠶᠡᠨ ᠤ᠋ ᠲᠠᠯ᠎ᠠ ᠪᠠᠷ ᠳᠤᠷᠠᠳᠪᠠ᠃