ᠬᠤᠭᠤᠴᠠᠭᠠᠲᠦ ᠰᠡᠳᠭᠦᠯ
>
ᠥᠪᠦᠷ ᠮᠣᠩᠭᠤᠯ ᠤ᠋ᠨ ᠮᠠᠯ ᠠᠵᠤ ᠠᠬᠤᠢ
>
ᠰᠢᠨᠵᠢᠶᠠᠩ ᠤ᠋ᠨ ᠮᠠᠯ ᠠᠵᠤ ᠠᠬᠤᠢ
>
ᠰᠢᠨᠵᠢᠯᠡᠬᠦ ᠤᠬᠠᠭᠠᠨ ᠠᠮᠢᠳᠤᠷᠠᠯ
>
ᠥᠪᠦᠷ ᠮᠣᠩᠭᠤᠯ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ
>
ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠪᠠᠢᠭᠠᠯᠢ ᠶ᠋ᠢᠨ ᠰᠢᠨᠵᠢᠯᠡ
>
ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠮᠣᠩᠭᠤᠯ ᠠᠨᠠᠭᠠᠬᠤ ᠤᠬᠠᠭᠠ
>
ᠮᠣᠩᠭᠤᠯ ᠠᠳᠤᠭᠤ
>
ᠥᠪᠦᠷ ᠮᠣᠩᠭᠤᠯ ᠤ᠋ᠨ ᠮᠠᠯ ᠠᠵᠤ ᠠᠬᠤᠢ ᠵᠢᠨ ᠰᠢᠨᠵᠢᠯᠡᠬᠦ ᠤᠬᠠᠭᠠᠨ
>
ᠥᠪᠦᠷ ᠮᠣᠩᠭᠤᠯ ᠤ᠋ᠨ ᠮᠠᠯ ᠡᠮᠨᠡᠯᠭᠡ
>
ᠲᠣᠭᠠᠨ ᠤ᠋ ᠤᠬᠠᠭᠠᠨ ᠤ᠋ ᠭᠠᠷ ᠪᠢᠴᠢᠮᠡᠯ
>
ᠥᠪᠦᠷ ᠮᠣᠩᠭᠤᠯ ᠤ᠋ᠨ ᠦᠨᠳᠦᠰᠦᠲᠡᠨ ᠦ᠌ ᠡᠮᠨᠡᠯᠭᠡ ᠶ᠋ᠢᠨ ᠳᠡᠭᠡᠳᠦ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ

ᠥᠪᠦᠷ ᠮᠣᠩᠭᠤᠯ ᠤ᠋ᠨ ᠨᠤᠲᠤᠭ ᠪᠡᠯᠴᠢᠭᠡᠷ ᠦ᠋ᠨ ᠠᠮᠢ ᠠᠬᠤᠢ ᠶ᠋ᠢᠨ ᠪᠦᠲᠦᠭᠡᠨ ᠪᠠᠢᠭᠤᠯᠤᠯᠲᠠ ᠶ᠋ᠢᠨ ᠪᠠᠢᠷᠢᠯᠠᠭᠤᠯᠤᠯᠲᠠ ᠶ᠋ᠢᠨ ᠪᠠᠷᠠᠯᠠᠯ

ᠢᠷᠡᠯᠲᠡ: ᠪᠠᠢᠭᠠᠯᠢ ᠶ᠋ᠢᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠰᠢᠨᠵᠢᠯᠡᠬᠦ ᠤᠬᠠᠭᠠᠨ -> 201502
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/08/30
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠪᠣᠣ ᠮᠠᠨᠰᠢ᠂ ᠴᠣᠭ
ᠵᠠᠩᠭᠢᠯᠠᠭ᠎ᠠ ᠦᠭᠡ᠄ ᠨᠤᠲᠤᠭ ᠪᠡᠯᠴᠢᠭᠡᠷ ᠦ᠋ᠨ ᠠᠮᠢ ᠠᠬᠤᠢ᠃ ᠳᠠᠬᠢᠨ ᠪᠦᠲᠦᠭᠡᠨ ᠪᠠᠢᠭᠤᠯᠬᠤ︔ ᠣᠷᠤᠰᠢᠵᠤ ᠪᠠᠢᠭ᠎ᠠ ᠠᠰᠠᠭᠤᠳᠠᠯ︔ ᠦᠢᠯᠡᠳᠦᠯᠭᠡ ᠶ᠋ᠢᠨ ᠪᠠᠢᠷᠢᠯᠠᠭᠤᠯᠤᠯᠲᠠ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠥᠪᠦᠷ ᠮᠣᠩᠭᠤᠯ ᠤ᠋ᠨ ᠨᠤᠲᠤᠭ ᠪᠡᠯᠴᠢᠭᠡᠷ ᠦ᠋ᠨ ᠠᠮᠢ ᠠᠬᠤᠢ ᠵᠢ ᠳᠠᠬᠢᠨ ᠪᠦᠲᠦᠭᠡᠨ ᠪᠠᠢᠭᠤᠯᠬᠤ ᠪᠣᠯ ᠴᠢᠬᠤᠯᠠ ᠶᠡᠬᠡ ᠪᠠᠢᠯᠳᠤᠬᠤ ᠪᠣᠳᠤᠯᠭ᠎ᠠ ᠶ᠋ᠢᠨ ᠠᠰᠠᠭᠤᠳᠠᠯ ᠪᠣᠯᠬᠤ ᠪᠥᠭᠡᠳ ᠤᠯᠤᠰ ᠤ᠋ᠨ ᠦᠷᠭᠦᠯᠵᠢᠯᠡᠬᠦᠢᠴᠡ ᠬᠥᠭᠵᠢᠯᠲᠡ ᠶ᠋ᠢᠨ ᠲᠥᠷᠦ ᠶ᠋ᠢᠨ ᠪᠣᠳᠤᠯᠭ᠎ᠠ᠂ ᠬᠥᠮᠦᠨ ᠪᠠᠢᠭᠠᠯᠢ ᠶ᠋ᠢᠨ ᠵᠣᠬᠢᠴᠠᠯᠳᠤᠯ᠂ ᠠᠮᠢ ᠠᠬᠤᠢ ᠶ᠋ᠢᠨ ᠪᠦᠲᠦᠭᠡᠨ ᠪᠠᠢᠭᠤᠯᠤᠯᠲᠠ ᠵᠢ ᠰᠠᠢᠲᠤᠷ ᠬᠢᠬᠦ ᠶ᠋ᠢᠨ ᠵᠠᠩᠭᠢᠯᠠᠭ᠎ᠠ ᠶ᠋ᠢᠨ ᠠᠰᠠᠭᠤᠳᠠᠯ ᠮᠥᠨ᠃ ᠨᠤᠲᠤᠭ ᠪᠡᠯᠴᠢᠭᠡᠷ ᠦ᠋ᠨ ᠠᠮᠢ ᠠᠬᠤᠢ ᠶ᠋ᠢᠨ ᠣᠷᠴᠢᠨ ᠲᠣᠭᠤᠷᠢᠨ ᠤ᠋ ᠣᠷᠴᠢᠮ ᠤ᠋ᠨ ᠵᠢᠯ ᠤ᠋ᠨ ᠪᠦᠲᠦᠭᠡᠨ ᠪᠠᠢᠭᠤᠯᠤᠯᠲᠠ ᠶ᠋ᠢᠨ ᠲᠤᠷᠰᠢᠯᠭ᠎ᠠ ᠠ᠋ᠴᠠ ᠦᠵᠡᠬᠦ ᠳ᠋ᠤ᠌᠂ ᠥᠪᠦᠷ ᠮᠣᠩᠭᠤᠯ ᠤ᠋ᠨ ᠨᠤᠲᠤᠭ ᠪᠡᠯᠴᠢᠭᠡᠷ ᠦ᠋ᠨ ᠴᠥᠯᠵᠢᠯᠲᠡ ᠵᠢ ᠬᠣᠷᠢᠭᠯᠠᠬᠤ᠂ ᠵᠠᠰᠠᠬᠤ ᠪᠠᠢᠳᠠᠯ ᠳ᠋ᠤ᠌ ᠨᠡᠯᠢᠶᠡᠳ ᠬᠤᠪᠢᠷᠠᠯᠲᠠ ᠲᠠᠢ ᠪᠣᠯᠵᠤ ᠶᠡᠬᠡ ᠠᠮᠵᠢᠯᠲᠠ ᠣᠯᠤᠭᠰᠠᠨ ᠪᠣᠯᠪᠠᠴᠤ ᠪᠠᠢᠭᠤᠯᠭ᠎ᠠ ᠪᠤᠰᠤ ᠬᠦᠴᠢᠷᠲᠡᠢ ᠠᠰᠠᠭᠤᠳᠠᠯ ᠣᠷᠤᠰᠢᠵᠤ ᠪᠣᠢ᠃ ᠨᠤᠲᠤᠭ ᠪᠡᠯᠴᠢᠭᠡᠷ ᠦ᠋ᠨ ᠠᠮᠢ ᠠᠬᠤᠢ ᠶ᠋ᠢᠨ ᠪᠦᠲᠦᠭᠡᠨ ᠪᠠᠢᠭᠤᠯᠤᠯᠲᠠ ᠵᠢ ᠪᠦᠬᠦ ᠲᠠᠯ᠎ᠠ ᠪᠠᠷ ᠲᠤᠭᠤᠰᠢᠯᠠᠭᠤᠯᠬᠤ ᠳ᠋ᠤ᠌ ᠵᠠᠪᠠᠯ ᠪᠠᠢᠭᠠᠯᠢ ᠶ᠋ᠢᠨ ᠵᠢᠮ᠎ᠡ ᠶᠣᠰᠤ ᠵᠢ ᠪᠠᠷᠢᠮᠲᠠᠯᠠᠬᠤ᠂ ᠪᠤᠰᠤᠳᠴᠢ ᠴᠢᠨᠠᠷ ᠢ᠋ ᠪᠠᠷᠢᠮᠲᠠᠯᠠᠬᠤ᠂ ᠪᠣᠳᠠᠲᠠᠢ ᠠᠰᠠᠭᠤᠳᠠᠯ ᠢ᠋ ᠪᠣᠳᠠᠲᠠᠢ ᠪᠠᠷ ᠰᠢᠢᠳᠪᠦᠷᠢᠯᠡᠬᠦ ᠬᠡᠷᠡᠭᠲᠡᠢ᠃ ᠣᠳᠣ ᠪᠠᠢᠭ᠎ᠠ ᠨᠤᠲᠤᠭ ᠪᠡᠯᠴᠢᠭᠡᠷ ᠦ᠋ᠨ ᠣᠷᠴᠢᠨ ᠲᠣᠭᠤᠷᠢᠨ ᠢ᠋ ᠬᠠᠮᠠᠭᠠᠯᠠᠬᠤ ᠤᠷᠢᠳᠠᠯ ᠳᠣᠣᠷ᠎ᠠ᠂ ᠤᠯᠠᠮᠵᠢᠯᠠᠯᠲᠤ ᠨᠡᠭᠦᠳᠡᠯ ᠮᠠᠯᠵᠢᠯ ᠤ᠋ᠨ ᠰᠣᠶᠤᠯ ᠢ᠋ ᠬᠠᠮᠠᠭᠠᠯᠠᠬᠤ ᠪᠣᠯ ᠨᠤᠲᠤᠭ ᠪᠡᠯᠴᠢᠭᠡᠷ ᠦ᠋ᠨ ᠠᠮᠢ ᠠᠬᠤᠢ ᠵᠢᠪᠦᠲᠦᠭᠡᠨ ᠪᠠᠢᠭᠤᠯᠬᠤ ᠶ᠋ᠢᠨ ᠬᠡᠢᠰᠪᠦᠷᠢ ᠳᠦᠷᠢᠮᠵᠢᠯ ᠦ᠋ᠨ ᠰᠠᠭᠤᠷᠢ ᠪᠣᠯᠤᠨ᠎ᠠ᠃ ᠨᠤᠲᠤᠭ ᠪᠡᠯᠴᠢᠭᠡᠷ ᠦ᠋ᠨ ᠠᠮᠢ ᠠᠬᠤᠢ ᠵᠢ ᠳᠠᠬᠢᠨ ᠪᠦᠲᠦᠭᠡᠨ ᠪᠠᠢᠭᠤᠯᠬᠤ ᠳ᠋ᠤ᠌ ᠵᠠᠪᠠᠯ ᠠᠮᠢ ᠠᠬᠤᠢ ᠶ᠋ᠢᠨ ᠠᠰᠢᠭ ᠲᠤᠰᠠ᠂ ᠠᠵᠤ ᠠᠬᠤᠢ ᠶ᠋ᠢᠨ ᠠᠰᠢᠭ ᠲᠤᠰᠠ᠂ ᠨᠡᠢᠭᠡᠮ ᠦ᠋ᠨ ᠠᠰᠢᠭ ᠲᠤᠰᠠ ᠵᠢ ᠠᠮᠢᠳᠤᠯᠢᠭ ᠢ᠋ᠶ᠋ᠠᠷ ᠤᠶᠠᠯᠳᠤᠭᠤᠯᠪᠠᠯ ᠰᠠᠶᠢ ᠤᠷᠢᠳᠴᠢᠯᠠᠭᠰᠠᠨ ᠵᠣᠷᠢᠯᠭ᠎ᠠ ᠳ᠋ᠠᠭᠠᠨ ᠬᠦᠷᠴᠦ ᠳᠡᠢᠯᠦᠨ᠎ᠡ᠃