ᠮᠣᠩᠭᠤᠯ ᠦᠨᠳᠦᠰᠦᠲᠡᠨ ᠤ᠋ ᠰᠣᠶᠤᠯ ᠤ᠋ᠨ ᠬᠡᠯᠪᠡᠷᠢᠰᠢᠯ ᠦ᠋ᠨ ᠠᠮᠢ ᠠᠬᠤᠢ ᠶ᠋ᠢᠨ ᠬᠡᠯᠪᠡᠷᠢᠰᠢᠯ ᠳ᠋ᠡᠬᠢ ᠤᠳᠤᠷᠢᠳᠤᠮᠵᠢ ᠶ᠋ᠢᠨ ᠦᠢᠯᠡᠳᠦᠯ ᠦ᠋ᠨ ᠲᠤᠬᠠᠢ ᠥᠭᠦᠯᠡᠬᠦ ᠨᠢ
ᠢᠷᠡᠯᠲᠡ: ᠪᠠᠢᠭᠠᠯᠢ ᠶ᠋ᠢᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠰᠢᠨᠵᠢᠯᠡᠬᠦ ᠤᠬᠠᠭᠠᠨ -> 201602
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2018/08/30
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠴᠣᠭ᠂ ᠪᠣᠣ ᠮᠠᠨ ᠰᠢ
ᠵᠠᠩᠭᠢᠯᠠᠭ᠎ᠠ ᠦᠭᠡ᠄ ᠮᠣᠩᠭᠤᠯ ᠦᠨᠳᠦᠰᠦᠲᠡᠨ︔ ᠰᠣᠶᠤᠯ ᠤ᠋ᠨ ᠬᠡᠯᠪᠡᠷᠢᠰᠢᠯ︔ ᠠᠮᠢ ᠠᠬᠤᠢ ᠶ᠋ᠢᠨ ᠬᠡᠯᠪᠡᠷᠢᠰᠢᠯ︔ ᠤᠳᠤᠷᠢᠳᠤᠮᠵᠢ ᠶ᠋ᠢᠨ ᠦᠢᠯᠡᠳᠦᠯ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠰᠣᠶᠤᠯ ᠪᠣᠯ ᠨᠢᠭᠡ ᠦᠨᠳᠦᠰᠦᠲᠡᠨ ᠤ᠋ ᠭᠣᠣᠯ ᠴᠥᠮ᠎ᠡ ᠪᠠᠢᠵᠤ᠂ ᠲᠡᠷᠡ ᠨᠢ ᠦᠨᠳᠦᠰᠦᠲᠡᠨ ᠤ᠋ ᠵᠣᠷᠢᠭ ᠰᠠᠨᠠᠭ᠎ᠠ ᠪᠠ ᠪᠦᠯᠬᠦᠮᠳᠡᠯ ᠦ᠋ᠨ ᠬᠦᠴᠦᠨ ᠤ᠋ ᠭᠣᠣᠯ ᠴᠥᠮ᠎ᠡ ᠶ᠋ᠢᠨ ᠢᠷᠡᠯᠲᠡ ᠪᠣᠯᠬᠤ ᠪᠥᠭᠡᠳ ᠮᠥᠨ ᠴᠦ ᠤᠯᠤᠰ ᠤ᠋ᠨ ᠶᠡᠷᠦᠩᠬᠡᠢᠯᠡᠭᠰᠡᠨ ᠬᠦᠴᠦᠨ ᠤ᠋ ᠴᠢᠬᠤᠯᠠ ᠪᠦᠷᠢᠯᠳᠦᠬᠦᠨ ᠪᠣᠯᠤᠨ᠎ᠠ᠃ ᠮᠣᠩᠭᠤᠯ ᠦᠨᠳᠦᠰᠦᠲᠡᠨ ᠤ᠋ ᠰᠣᠶᠤᠯ ᠤ᠋ᠨ ᠬᠡᠯᠪᠡᠷᠢᠰᠢᠯ ᠳ᠋ᠤ᠌ ᠭᠦᠨ ᠭᠦᠨᠵᠡᠭᠡᠢ ᠰᠢᠨᠵᠢᠯᠡᠬᠦ ᠤᠬᠠᠭᠠᠨ ᠤ᠋ ᠠᠭᠤᠯᠤᠭᠳᠠᠬᠤᠨ ᠪᠠ ᠠᠮᠢ ᠠᠬᠤᠢ ᠶ᠋ᠢᠨ ᠤᠳᠭ᠎ᠠ ᠠᠭᠤᠯᠭ᠎ᠠ ᠲᠠᠢ ᠪᠠᠢᠳᠠᠭ᠃ ᠨᠡᠭᠦᠳᠡᠯᠴᠢᠨ ᠦᠨᠳᠦᠰᠦᠲᠡᠨ ᠤ᠋ ᠣᠷᠤᠰᠢᠨ ᠠᠮᠢᠳᠤᠷᠠᠬᠤ ᠪᠠ ᠠᠵᠤ ᠦᠢᠯᠡᠳᠪᠦᠷᠢᠯᠡᠯ ᠳ᠋ᠤ᠌ ᠪᠦᠷ ᠢᠯᠡ ᠲᠣᠳᠣᠷᠠᠬᠠᠢ ᠠᠮᠢ ᠠᠬᠤᠢᠴᠢᠯᠠᠭᠰᠠᠨ ᠲᠣᠪᠤᠢᠮ᠎ᠠ ᠣᠨᠴᠠᠯᠢᠭ ᠲᠠᠢ ᠪᠠᠢᠳᠠᠭ᠃ ᠨᠡᠭᠦᠳᠡᠯᠴᠢᠨ ᠦᠨᠳᠦᠰᠦᠲᠡᠨ ᠤ᠋ ᠤᠯᠠᠮᠵᠢᠯᠠᠯᠲᠤ ᠰᠣᠶᠤᠯ ᠢ᠋ ᠬᠥᠮᠦᠨ ᠲᠥᠷᠦᠯᠬᠢᠲᠡᠨ ᠤ᠋ ᠠᠵᠤ ᠦᠢᠯᠡᠳᠪᠦᠷᠢ ᠶ᠋ᠢᠨ ᠪᠣᠯᠪᠠᠰᠤᠨ ᠤ᠋ ᠠᠬᠢᠴᠠ ᠲᠠᠢ ᠬᠠᠷᠢᠴᠠᠭᠤᠯᠪᠠᠯ ᠠᠮᠢ ᠠᠬᠤᠢ ᠶ᠋ᠢᠨ ᠪᠣᠯᠪᠠᠰᠤᠨ ᠤ᠋ ᠠᠬᠢᠴᠠ ᠵᠢ ᠲᠦᠷᠭᠡᠳᠭᠡᠬᠦ ᠳ᠋ᠤ᠌ ᠮᠣᠩᠭᠤᠯ ᠦᠨᠳᠦᠰᠦᠲᠡᠨ ᠤ᠋ ᠬᠡᠯᠪᠡᠷᠢᠰᠢᠯ ᠨᠢ ᠨᠡᠯᠢᠶᠡᠳ ᠶᠡᠬᠡ ᠤᠳᠤᠷᠢᠳᠤᠮᠵᠢ ᠶ᠋ᠢᠨ ᠦᠢᠯᠡᠳᠦᠯ ᠲᠠᠢ ᠪᠠᠢᠳᠠᠭ᠃