ᠬᠡᠪᠡᠯᠢ ᠶᠢᠨ ᠲᠣᠯᠢ ᠪᠠᠷ ᠰᠥᠰᠦᠨ ᠤᠭᠤᠲᠠ ᠶᠢ ᠣᠭᠲᠤᠯᠬᠤ ᠮᠡᠰᠡ ᠵᠠᠰᠠᠯ ᠤᠨ ᠲᠤᠬᠠᠢ ᠳᠥᠭᠦᠮ ᠥᠭᠦᠯᠡᠬᠦ ᠨᠢ
ᠢᠷᠡᠯᠲᠡ: ᠪᠠᠢᠭᠠᠯᠢ ᠶ᠋ᠢᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠮᠣᠩᠭᠤᠯ ᠠᠨᠠᠭᠠᠬᠤ ᠤᠬᠠᠭ᠎ᠠ -> 200802
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/03/05
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠯᠢᠦ ᠰᠦᠸᠧ
ᠵᠠᠩᠭᠢᠯᠠᠭ᠎ᠠ ᠦᠭᠡ᠄ ᠬᠡᠪᠡᠯᠢ ᠶᠢᠨ ᠲᠣᠯᠢ᠂ ᠰᠥᠰᠦᠨ ᠤᠭᠤᠲᠠ ᠶᠢ ᠣᠭᠲᠤᠯᠬᠤ᠂ ᠣᠢᠯᠠᠭᠠᠯᠲᠠ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠬᠡᠪᠡᠯᠢ ᠶᠢᠨ ᠲᠣᠯᠢ ᠪᠠᠷ ᠰᠥᠰᠦᠨ ᠤᠭᠤᠲᠠ ᠶᠢ ᠣᠭᠲᠤᠯᠬᠤ ᠮᠡᠰᠡ ᠵᠠᠰᠠᠯ ᠪᠣᠯ ᠰᠢᠷᠬᠠᠲᠤᠯ ᠢᠶᠠᠷ ᠬᠥᠩᠭᠡᠨ᠂ ᠡᠪᠡᠷᠰᠢᠶᠡᠯ ᠢᠶᠡᠷ ᠪᠠᠭ᠎ᠠ᠂ ᠮᠡᠰᠡ ᠵᠠᠰᠠᠯ ᠤᠨ ᠴᠠᠭ ᠣᠬᠤᠷ᠂ ᠡᠳᠡᠭᠡᠷᠡᠯᠲᠡ ᠨᠢ ᠲᠦᠷᠭᠡᠨ᠂ ᠡᠮᠨᠡᠯᠭᠡ ᠳᠦ ᠰᠠᠭᠤᠬᠤ ᠬᠤᠭᠤᠴᠠᠭ᠎ᠠ ᠨᠢ ᠣᠬᠤᠷ᠂ ᠵᠠᠰᠠᠯ ᠤᠨ ᠳᠠᠷᠠᠭ᠎ᠠ ᠳᠠᠭᠠᠯᠲᠠ ᠭᠡᠮ ᠡᠭᠦᠰᠬᠦ ᠨᠢ ᠪᠠᠭ᠎ᠠ ᠵᠡᠷᠭᠡ ᠳᠠᠪᠠᠭᠤᠯᠢᠭ ᠲᠠᠯ᠎ᠠ ᠲᠠᠢ ᠪᠠᠢᠳᠠᠭ᠃ ᠲᠤᠰ ᠠᠷᠭ᠎ᠠ ᠪᠠᠷ ᠰᠥᠰᠦᠨ ᠤᠭᠤᠲᠠ ᠶᠢ ᠣᠭᠲᠤᠯᠬᠤ ᠳᠤ ᠤᠷᠢᠳ ᠢᠶᠠᠷ ᠮᠡᠰᠡ ᠵᠠᠰᠠᠯ ᠠᠴᠠ ᠡᠮᠦᠨ᠎ᠡ ᠡᠪᠡᠳᠴᠢᠲᠡᠨ ᠳ᠋ᠦ᠍ ᠣᠶᠤᠨ ᠰᠠᠨᠠᠭᠠᠨ ᠤ ᠪᠡᠯᠡᠳᠭᠡᠯ ᠢ ᠰᠠᠢᠲᠤᠷ ᠬᠢᠵᠦ᠂ ᠡᠪᠡᠳᠴᠢᠲᠡᠨ ᠦ᠌ ᠲᠤᠰ ᠲᠥᠷᠦᠯ ᠦᠨ ᠮᠡᠰᠡ ᠵᠠᠰᠠᠯ ᠤᠨ ᠠᠷᠭ᠎ᠠ ᠳᠤ ᠲᠣᠬᠢᠷᠠᠬᠤ ᠡᠰᠡᠬᠦ ᠶᠢ ᠮᠠᠭᠠᠳᠯᠠᠬᠤ ᠪᠠᠷ ᠦᠯᠦ ᠪᠠᠷᠠᠮ ᠳᠠᠪᠬᠤᠴᠠᠭᠰᠠᠨ ᠭᠡᠮ ᠢ ᠰᠢᠢᠳᠪᠦᠷᠢᠯᠡᠭᠰᠡᠨ ᠰᠠᠭᠤᠷᠢᠨ ᠳᠡᠭᠡᠷ᠎ᠡ ᠮᠡᠰᠡ ᠵᠠᠰᠠᠯ ᠤᠨ ᠡᠮᠦᠨᠡᠬᠢ ᠰᠢᠩᠭᠡᠭᠡᠯᠲᠡ ᠶᠢᠨ ᠵᠠᠮ ᠤᠨ ᠪᠡᠯᠡᠳᠭᠡᠯ ᠬᠢᠵᠦ᠂ ᠮᠡᠰᠡ ᠵᠠᠰᠠᠯ ᠤᠨ ᠳᠠᠷᠠᠭ᠎ᠠ ᠬᠣᠳᠤᠭᠤᠳᠤ ᠭᠡᠳᠡᠰᠦᠨ ᠦ᠌ ᠠᠵᠢᠯᠯᠠᠭ᠎ᠠ ᠶᠢ ᠰᠡᠷᠭᠦᠭᠡᠬᠦ ᠪᠣᠯ ᠬᠡᠪᠡᠯᠢ ᠶᠢᠨ ᠲᠣᠯᠢ ᠪᠠᠷ ᠰᠥᠰᠦᠨ ᠤᠭᠤᠲᠠ ᠶᠢ ᠣᠭᠲᠤᠯᠬᠤ ᠮᠡᠰᠡ ᠵᠠᠰᠠᠯ ᠤᠨ ᠠᠮᠵᠢᠯᠲᠠ ᠣᠯᠬᠤ ᠡᠰᠡᠬᠦ ᠲᠡᠢ ᠰᠢᠭᠤᠳ ᠬᠣᠯᠪᠤᠭᠳᠠᠬᠤ ᠶᠤᠮ᠃