︽ᠮᠣᠩᠭᠤᠯ ᠠᠨᠠᠭᠠᠬᠤ ᠤᠬᠠᠭᠠᠨ ᠤ ᠦᠨᠳᠦᠰᠦᠨ ᠣᠨᠤᠯ︾ ᠤᠨ ᠵᠢᠭᠠᠬᠤ ᠪᠢᠴᠢᠭ᠌ ᠬᠢᠭᠡᠳ ᠦᠨᠳᠦᠰᠦᠨ ᠣᠨᠤᠯ ᠤᠨ ᠲᠤᠬᠠᠢ ᠵᠠᠷᠢᠮ ᠠᠰᠠᠭᠤᠳᠠᠯ ᠢ ᠰᠦᠪᠡᠭᠴᠢᠯᠡᠬᠦ ᠨᠢ ︱ᠲᠠᠰᠢᠷᠠᠮ ᠳᠤ ᠨᠢ ᠪ ᠵᠢᠭᠮᠡᠳ ᠪᠠᠭᠰᠢ ᠳᠤ ᠵᠥᠪᠳᠡᠨ ᠬᠠᠷᠢᠭᠤᠯᠬᠤ ᠨᠢ
ᠢᠷᠡᠯᠲᠡ: ᠪᠠᠢᠭᠠᠯᠢ ᠶ᠋ᠢᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠮᠣᠩᠭᠤᠯ ᠠᠨᠠᠭᠠᠬᠤ ᠤᠬᠠᠭ᠎ᠠ -> 201102
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/03/04
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠪᠤᠶᠠᠨᠲᠤ
ᠵᠠᠩᠭᠢᠯᠠᠭ᠎ᠠ ᠦᠭᠡ᠄ ᠮᠣᠩᠭᠤᠯ ᠠᠨᠠᠭᠠᠬᠤ ᠤᠬᠠᠭᠠᠨ᠂ ᠵᠢᠭᠠᠬᠤ ᠪᠢᠴᠢᠭ᠌᠂ ᠣᠨᠤᠯ᠂ ᠰᠢᠯᠲᠠᠭᠠᠨ᠂ ᠡᠪᠡᠳᠴᠢᠨ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠮᠣᠩᠭᠤᠯ ᠠᠨᠠᠭᠠᠬᠤ ᠤᠬᠠᠭᠠᠨ ᠤ ᠦᠨᠳᠦᠰᠦᠨ ᠣᠨᠤᠯ ᠪᠣᠯ ᠮᠣᠩᠭᠤᠯ ᠠᠨᠠᠭᠠᠬᠤ ᠤᠬᠠᠭᠠᠨ ᠤ ᠣᠨᠤᠯ ᠡᠮᠴᠢᠯᠡᠭᠡ ᠬᠢᠭᠡᠳ ᠡᠮ ᠦᠨ ᠤᠬᠠᠭᠠᠨ ᠤ ᠰᠠᠭᠤᠷᠢ ᠣᠨᠤᠯ ᠪᠣᠯᠤᠨ᠎ᠠ᠃ ᠲᠡᠷᠡ ᠨᠢ ᠥᠨᠢ ᠤᠳᠠᠭᠠᠨ ᠲᠡᠦᠬᠡᠨ ᠬᠥᠭᠵᠢᠯᠲᠡ ᠶᠢᠨ ᠶᠠᠪᠤᠴᠠ ᠳᠤ ᠪᠠᠨ ᠦᠢ ᠣᠯᠠᠨ ᠮᠣᠩᠭᠤᠯ ᠠᠨᠠᠭᠠᠬᠤ ᠤᠬᠠᠭᠠᠨ ᠤ ᠮᠡᠷᠭᠡᠳ ᠦᠨ ᠮᠡᠳᠡᠯᠭᠡ ᠤᠬᠠᠭᠠᠨ ᠢ ᠰᠢᠩᠭᠡᠭᠡᠨ ᠪᠣᠯᠪᠠᠰᠤᠷᠠᠭᠤᠯᠵᠤ᠂ ᠠᠭᠠᠵᠢᠮ ᠢᠶᠠᠷ ᠰᠢᠰᠲ᠋ᠧᠮᠵᠢᠨ ᠲᠡᠭᠦᠯᠳᠡᠷᠵᠢᠵᠦ ᠢᠷᠡᠭᠰᠡᠨ ᠳᠣᠷᠤᠨᠠᠳᠠᠬᠢᠨ ᠤ ᠤᠯᠠᠮᠵᠢᠯᠠᠯᠲᠤ ᠠᠨᠠᠭᠠᠬᠤ ᠤᠬᠠᠭᠠᠨ ᠤ ᠰᠣᠳᠤᠨ ᠴᠢᠮᠡᠭ ᠦᠨ ᠨᠢᠭᠡ ᠨᠢ ᠮᠥᠨ᠃ ᠮᠣᠩᠭᠤᠯ ᠠᠨᠠᠭᠠᠬᠤ ᠤᠬᠠᠭᠠᠨ ᠤ ᠣᠨᠤᠯ ᠡᠮᠴᠢᠯᠡᠭᠡᠨ ᠤ ᠤᠬᠠᠭᠠᠨ ᠨᠢ ᠬᠡᠳᠦᠢᠪᠡᠷ ᠰᠢᠨᠵᠢᠯᠡᠬᠦ ᠤᠬᠠᠭᠠᠨᠴᠢ ᠴᠢᠨᠠᠷ᠂ ᠦᠢᠯᠡᠳᠦᠯᠭᠡᠴᠢ ᠴᠢᠨᠠᠷ ᠬᠢᠭᠡᠳ ᠰᠢᠰᠲ᠋ᠧᠮᠲᠦ ᠴᠢᠨᠠᠷ ᠢᠶᠠᠷ ᠬᠥᠮᠦᠰ ᠲᠦ ᠨᠢᠭᠡᠨᠲᠡ ᠵᠥᠪᠰᠢᠶᠡᠷᠡᠨ ᠮᠡᠳᠡᠷᠡᠭᠳᠡᠭᠰᠡᠨ ᠪᠣᠯᠪᠠᠴᠤ ᠵᠠᠷᠢᠮ ᠣᠨᠤᠯ ᠤᠨ ᠲᠠᠯ᠎ᠠ ᠪᠠᠷ ᠬᠢ ᠠᠰᠠᠭᠤᠳᠠᠯ ᠳᠤ ᠮᠥᠨ ᠯᠡ ᠠᠳᠠᠯᠢ ᠪᠤᠰᠤ ᠶᠢᠨ ᠦᠵᠡᠯᠲᠡ ᠲᠠᠨᠢᠯᠲᠠ ᠲᠠᠢ ᠪᠠᠢᠭᠰᠠᠭᠠᠷ ᠪᠢᠯᠡ᠃ ᠢᠯᠠᠩᠭᠤᠶ᠎ᠠ ᠰᠢᠨ᠎ᠡ ᠪᠡᠷ ᠬᠡᠪᠯᠡᠭᠳᠡᠭᠰᠡᠨ︽ ᠮᠣᠩᠭᠤᠯ ᠠᠨᠠᠭᠠᠬᠤ ᠤᠬᠠᠭᠠᠨ ᠤ ᠦᠨᠳᠦᠰᠦᠨ ᠣᠨᠤᠯ︾ ᠤᠨ ᠬᠣᠶᠠᠳᠤᠭᠠᠷ ᠬᠡᠪᠯᠡᠯ ᠦᠨ ᠵᠢᠭᠠᠬᠤ ᠪᠢᠴᠢᠭ᠌ ᠲᠦ ᠵᠠᠷᠢᠮ ᠰᠤᠳᠤᠯᠭᠠᠲᠠᠳ ᠶᠡᠬᠡᠬᠡᠨ ᠰᠠᠨᠠᠯ ᠭᠠᠷᠭᠠᠵᠤ᠂ ᠬᠦᠨᠳᠦ ᠨᠣᠴᠢᠲᠠᠢ ᠣᠨᠤᠯ ᠤᠨ ᠴᠢᠨᠠᠷ ᠲᠠᠢ ᠠᠰᠠᠭᠤᠳᠠᠯ ᠬᠡᠮᠡᠨ ᠦᠵᠡᠭᠰᠡᠨ ᠤᠴᠢᠷ ᠠᠴᠠ ᠣᠳᠣᠬᠠᠨ ᠳᠤ ᠣᠨᠤᠯ ᠤᠨ ᠴᠢᠨᠠᠷ ᠲᠠᠢ ᠠᠰᠠᠭᠤᠳᠠᠯ ᠳᠤ ᠮᠣᠩᠭᠤᠯ ᠠᠨᠠᠭᠠᠬᠤ ᠤᠬᠠᠭᠠᠨ ᠤ ᠰᠤᠳᠤᠯᠭᠠᠲᠠᠨ ᠨᠠᠷ ᠤᠨ ᠳᠣᠲᠤᠷ᠎ᠠ ᠦᠵᠡᠯᠲᠡ ᠲᠠᠨᠢᠯᠲᠠ ᠨᠢ ᠵᠠᠳᠠᠷᠠᠯ ᠭᠠᠷᠴᠤ᠂ ᠥᠪᠡᠷ ᠥᠪᠡᠷ ᠦᠨ ᠦᠵᠡᠯᠲᠡ ᠪᠡᠨ ᠪᠠᠷᠢᠮᠲᠠᠯᠠᠵᠤ ᠶᠡᠷᠦ ᠨᠢᠭᠡᠳᠴᠦ ᠴᠢᠳᠠᠬᠤ ᠦᠭᠡᠢ ᠪᠠᠢᠭᠰᠠᠭᠠᠷ ᠪᠠᠢᠭ᠎ᠠ ᠨᠢ ᠮᠣᠩᠭᠤᠯ ᠠᠨᠠᠭᠠᠬᠤ ᠤᠬᠠᠭᠠᠨ ᠤ ᠡᠩᠨᠡᠭᠡᠨ ᠳᠦ ᠬᠢ ᠵᠠᠩᠭᠢᠯᠠᠭ᠎ᠠ ᠶᠢᠨ ᠴᠢᠨᠠᠷ ᠲᠠᠢ ᠠᠰᠠᠭᠤᠳᠠᠯ ᠪᠣᠯᠤᠭᠰᠠᠨ ᠪᠠᠢᠨ᠎ᠠ᠃ ᠡᠨᠡ ᠨᠢ ᠬᠡᠳᠦᠢᠪᠡᠷ ᠡᠷᠳᠡᠮ ᠰᠢᠨᠵᠢᠯᠡᠭᠡᠨ ᠤ ᠮᠠᠷᠭᠤᠭᠠᠨ ᠪᠣᠯᠪᠠᠴᠤ ᠲᠡᠭᠦᠨ ᠳᠦ ᠬᠢ ᠪᠤᠷᠤᠭᠤ ᠦᠵᠡᠯᠲᠡ ᠨᠢ ᠶᠠᠪᠤᠭᠠᠨ ᠳᠤ ᠪᠠᠨ ᠮᠣᠩᠭᠤᠯ ᠠᠨᠠᠭᠠᠬᠤ ᠤᠬᠠᠭᠠᠨ ᠤ ᠣᠨᠤᠯ ᠡᠮᠴᠢᠯᠡᠭᠡ ᠬᠢᠭᠡᠳ ᠮᠣᠩᠭᠤᠯ ᠡᠮ ᠨᠠᠢᠷᠠᠯᠭ᠎ᠠ ᠶᠢᠨ ᠰᠤᠳᠤᠯᠭᠠᠨ ᠵᠢᠴᠢ ᠲᠡᠭᠦᠨ ᠤ ᠬᠣᠵᠢᠮ ᠤᠨ ᠬᠥᠭᠵᠢᠯ ᠮᠠᠨᠳᠤᠯ ᠢ ᠶᠡᠬᠡᠬᠡᠨ ᠨᠥᠯᠦᠭᠡᠯᠡᠬᠦ ᠪᠣᠯᠤᠨ᠎ᠠ᠃ ᠡᠨᠡ ᠬᠦ ᠪᠠᠢᠳᠠᠯ ᠳᠤ ᠴᠢᠭᠯᠡᠭᠦᠯᠦᠨ ᠡᠨᠡᠳᠬᠡᠭ ᠦᠨ ᠭᠦᠨ ᠤᠬᠠᠭᠠᠨ᠂ ᠡᠷᠲᠡᠨ ᠤ ᠡᠨᠡᠳᠬᠡᠭ᠂ ᠲᠥᠪᠡᠳ᠂ ᠮᠣᠩᠭᠤᠯ ᠤᠨ ᠠᠨᠠᠭᠠᠬᠤ ᠤᠬᠠᠭᠠᠨ᠂ ᠣᠳᠣ ᠦᠶ᠎ᠡ ᠶᠢᠨ ᠠᠷᠭ᠎ᠠ ᠶᠢᠨ ᠣᠨᠤᠯ︵方法论︶ ᠬᠢᠭᠡᠳ ᠡᠮᠴᠢᠯᠡᠭᠡᠨ ᠤ ᠦᠢᠯᠡᠳᠦᠯᠭᠡ ᠵᠡᠷᠭᠡ ᠲᠡᠢ ᠤᠶᠠᠯᠳᠤᠭᠤᠯᠤᠨ ᠮᠣᠩᠭᠤᠯ ᠠᠨᠠᠭᠠᠬᠤ ᠤᠬᠠᠭᠠᠨ ᠤ ᠡᠪᠡᠳᠴᠢᠨ ᠤ ᠰᠢᠯᠲᠠᠭᠠᠨ ᠵᠡᠷᠭᠡ ᠣᠨᠤᠯ ᠤᠨ ᠴᠢᠨᠠᠷ ᠲᠠᠢ ᠠᠰᠠᠭᠤᠳᠠᠯ ᠢ ᠰᠦᠪᠡᠭᠴᠢᠯᠡᠨ ᠰᠤᠳᠤᠯᠬᠤ ᠪᠠᠷ ᠳᠡᠮᠵᠢᠨ᠎ᠡ᠂ ᠥᠨᠥ ᠶᠢᠨ ᠣᠨᠤᠯ ᠤᠨ ᠲᠤᠬᠠᠢ ᠮᠠᠷᠭᠤᠭᠠᠨ ᠤ ᠵᠠᠩᠭᠢᠶᠠᠳᠠᠰᠤ ᠶᠢ ᠲᠠᠢᠯᠬᠤ ᠶᠢ ᠵᠣᠷᠢᠪᠠ᠃