ᠬᠤᠭᠤᠴᠠᠭᠠᠲᠦ ᠰᠡᠳᠭᠦᠯ
>
ᠥᠪᠦᠷ ᠮᠣᠩᠭᠤᠯ ᠤ᠋ᠨ ᠮᠠᠯ ᠠᠵᠤ ᠠᠬᠤᠢ
>
ᠰᠢᠨᠵᠢᠶᠠᠩ ᠤ᠋ᠨ ᠮᠠᠯ ᠠᠵᠤ ᠠᠬᠤᠢ
>
ᠰᠢᠨᠵᠢᠯᠡᠬᠦ ᠤᠬᠠᠭᠠᠨ ᠠᠮᠢᠳᠤᠷᠠᠯ
>
ᠥᠪᠦᠷ ᠮᠣᠩᠭᠤᠯ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ
>
ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠪᠠᠢᠭᠠᠯᠢ ᠶ᠋ᠢᠨ ᠰᠢᠨᠵᠢᠯᠡ
>
ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠮᠣᠩᠭᠤᠯ ᠠᠨᠠᠭᠠᠬᠤ ᠤᠬᠠᠭᠠ
>
ᠮᠣᠩᠭᠤᠯ ᠠᠳᠤᠭᠤ
>
ᠥᠪᠦᠷ ᠮᠣᠩᠭᠤᠯ ᠤ᠋ᠨ ᠮᠠᠯ ᠠᠵᠤ ᠠᠬᠤᠢ ᠵᠢᠨ ᠰᠢᠨᠵᠢᠯᠡᠬᠦ ᠤᠬᠠᠭᠠᠨ
>
ᠥᠪᠦᠷ ᠮᠣᠩᠭᠤᠯ ᠤ᠋ᠨ ᠮᠠᠯ ᠡᠮᠨᠡᠯᠭᠡ
>
ᠲᠣᠭᠠᠨ ᠤ᠋ ᠤᠬᠠᠭᠠᠨ ᠤ᠋ ᠭᠠᠷ ᠪᠢᠴᠢᠮᠡᠯ
>
ᠥᠪᠦᠷ ᠮᠣᠩᠭᠤᠯ ᠤ᠋ᠨ ᠦᠨᠳᠦᠰᠦᠲᠡᠨ ᠦ᠌ ᠡᠮᠨᠡᠯᠭᠡ ᠶ᠋ᠢᠨ ᠳᠡᠭᠡᠳᠦ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ

ᠡᠮ ᠵᠠᠰᠠᠯ ᠢ ᠬᠠᠪᠰᠤᠷᠭᠠᠨ ᠰᠠ ᠡᠪᠡᠳᠴᠢᠨ ᠡᠴᠡ ᠪᠣᠯᠤᠭᠰᠠᠨ ᠵᠠᠯᠭᠢᠬᠤ ᠳᠤ ᠬᠦᠴᠢᠷᠳᠡᠬᠦ ᠶᠢ ᠵᠠᠰᠠᠭᠰᠠᠨ ᠡᠮᠴᠢᠯᠡᠭᠡᠨ ᠤ ᠠᠴᠢ ᠲᠤᠰᠠ ᠶᠢᠨ ᠠᠵᠢᠭᠯᠠᠯᠲᠠ

ᠢᠷᠡᠯᠲᠡ: ᠪᠠᠢᠭᠠᠯᠢ ᠶ᠋ᠢᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠮᠣᠩᠭᠤᠯ ᠠᠨᠠᠭᠠᠬᠤ ᠤᠬᠠᠭᠠ -> 201102
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/03/04
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠬᠠᠰᠡᠷᠳᠡᠨᠢ᠂ ᠡᠦ ᠱᠠᠨ᠂ ᠲᠡᠭ᠌ᠰᠢᠵᠢᠷᠭᠠᠯ
ᠵᠠᠩᠭᠢᠯᠠᠭ᠎ᠠ ᠦᠭᠡ᠄ ᠬᠠᠳᠭᠤᠬᠤ ᠵᠠᠰᠠᠯ᠂ ᠵᠠᠯᠭᠢᠬᠤ ᠳᠤ ᠬᠦᠴᠢᠷᠳᠡᠬᠦ᠂ ᠰᠠ ᠡᠪᠡᠳᠴᠢᠨ᠂ ᠵᠠᠰᠠᠬᠤ ᠠᠷᠭ᠎ᠠ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠵᠣᠷᠢᠯᠭ᠎ᠠ᠄ ᠬᠠᠳᠭᠤᠬᠤ ᠵᠠᠰᠠᠯ ᠢ ᠬᠠᠪᠰᠤᠷᠭᠠᠨ ᠰᠠ ᠡᠪᠡᠳᠴᠢᠨ ᠡᠴᠡ ᠪᠣᠯᠤᠭᠰᠠᠨ ᠵᠠᠯᠭᠢᠬᠤ ᠳᠤ ᠬᠦᠴᠢᠷᠳᠡᠬᠦ ᠶᠢ ᠵᠠᠰᠠᠭᠰᠠᠨ ᠡᠮᠴᠢᠯᠡᠭᠡᠨ ᠤ ᠠᠴᠢ ᠲᠤᠰᠠ ᠶᠢᠨ ᠲᠤᠬᠠᠢ ᠶᠠᠷᠢᠯᠴᠠᠨ᠎ᠠ᠃ ᠠᠷᠭ᠎ᠠ᠄60 ᠵᠢᠱᠢᠶ᠎ᠡ ᠰᠠ ᠡᠪᠡᠳᠴᠢᠨ ᠡᠴᠡ ᠪᠣᠯᠤᠭᠰᠠᠨ ᠵᠠᠯᠭᠢᠬᠤ ᠳᠤ ᠬᠦᠴᠢᠷᠳᠡᠬᠦ ᠡᠪᠡᠳᠴᠢᠨ ᠢ ᠲᠠᠰᠢᠷᠠᠮ ᠢᠶᠠᠷ ᠨᠢ ᠤᠯᠠᠮᠵᠢᠯᠠᠯᠲᠤ ᠬᠠᠳᠭᠤᠬᠤ ᠵᠠᠰᠠᠯ ᠬᠢᠬᠦ ᠡᠮᠴᠢᠯᠡᠭᠡᠨ ᠤ ᠳᠤᠭᠤᠢᠯᠠᠩ ᠪᠣᠯᠤᠨ ᠬᠠᠷᠢᠴᠠᠭᠤᠯᠬᠤ ᠳᠤᠭᠤᠢᠯᠠᠩ ᠬᠤᠪᠢᠶᠠᠵᠤ᠂ ᠡᠮ ᠢᠶᠡᠷ ᠵᠠᠰᠠᠬᠤ ᠶᠢᠨ ᠳᠠᠠᠭᠤ ᠡᠮᠴᠢᠯᠡᠭᠡᠨ ᠤ ᠳᠤᠭᠤᠢᠯᠠᠩ ᠨᠢ ᠬᠠᠳᠭᠤᠬᠤ ᠵᠠᠰᠠᠯ ᠢ ᠡᠳᠦᠷ ᠦᠨ ᠨᠢᠭᠡ ᠤᠳᠠᠭ᠎ᠠ ᠬᠢᠪᠡ᠃ ᠨᠡᠢᠲᠡ20 ᠡᠳᠦᠷ᠃ ᠦᠷ᠎ᠡ ᠳ᠋ᠦᠩ᠄ ᠡᠮᠴᠢᠯᠡᠭᠡᠨ ᠤ ᠳᠤᠭᠤᠢᠯᠠᠩ ᠪᠣᠯᠤᠨ ᠬᠠᠷᠢᠴᠠᠭᠤᠯᠬᠤ ᠳᠤᠭᠤᠢᠯᠠᠩ ᠨᠢ ᠪᠦᠷ ᠰᠠ ᠡᠪᠡᠳᠴᠢᠨ ᠡᠴᠡ ᠪᠣᠯᠤᠭᠰᠠᠨ ᠵᠠᠯᠭᠢᠬᠤ ᠳᠤ ᠬᠦᠴᠢᠷᠳᠡᠬᠦ ᠰᠢᠨᠵᠢ ᠲᠡᠮᠳᠡᠭᠯᠡᠨ ᠨᠢ ᠰᠠᠢᠵᠢᠷᠠᠯᠲᠠ ᠲᠠᠢ᠂ ᠭᠡᠪᠡᠴᠦ ᠡᠮᠴᠢᠯᠡᠭᠡᠨ ᠤ ᠳᠤᠭᠤᠢᠯᠠᠩ ᠤᠨ ᠡᠮᠴᠢᠯᠡᠭᠡᠨ ᠤ ᠠᠴᠢ ᠲᠤᠰᠠ ᠨᠢ ᠬᠠᠷᠢᠴᠠᠭᠤᠯᠬᠤ ᠳᠤᠭᠤᠢᠯᠠᠩ ᠠᠴᠠ ᠮᠡᠳᠡᠭᠳᠡᠮ᠎ᠡ ᠰᠠᠢᠨ︵p<0.05︶᠃ ᠳ᠋ᠦᠩᠨᠡᠯᠲᠡ᠄ ᠰᠠ ᠡᠪᠡᠳᠴᠢᠨ ᠡᠴᠡ ᠪᠣᠯᠤᠭᠰᠠᠨ ᠵᠠᠯᠭᠢᠬᠤ ᠳᠤ ᠬᠦᠴᠢᠷᠳᠡᠬᠦ ᠳᠦ ᠡᠮ ᠢᠶᠡᠷ ᠵᠠᠰᠠᠬᠤ ᠶᠢᠨ ᠬᠠᠮᠲᠤ ᠬᠠᠳᠭᠤᠬᠤ ᠵᠠᠰᠠᠯ ᠬᠠᠪᠰᠤᠷᠭᠠᠪᠠᠯ ᠡᠪᠡᠳᠴᠢᠲᠡᠨ ᠤ ᠵᠠᠯᠭᠢᠬᠤ ᠠᠵᠢᠯᠯᠠᠭ᠎ᠠ ᠶᠢ ᠰᠠᠢᠵᠢᠷᠠᠭᠤᠯᠬᠤ ᠳᠤ ᠮᠠᠰᠢ ᠲᠤᠰᠠ ᠲᠠᠢ᠃