ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

ᠶᠡᠬᠡ ᠰᠤᠷᠭᠠᠭᠤᠯᠢ ᠶᠢᠨ ᠪᠠᠭᠰᠢ ᠶᠢᠨ ᠬᠢᠴᠢᠶᠡᠯ ᠦᠨ ᠲᠠᠩᠬᠢᠮ ᠤᠨ ᠡᠵᠡᠮᠳᠡᠯ ᠦᠨ ᠤᠷ᠎ᠠ ᠮᠡᠷᠭᠡᠰᠢᠯ

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠨᠡᠢᠭᠡᠮ ᠦ᠋ᠨ ᠰᠢᠨᠵᠢᠯᠡᠬᠦ -> 201002
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/03/01
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠦ᠊ ᠣᠶᠤᠨᠭᠡᠷᠡᠯ
ᠵᠠᠩᠭᠢᠯᠠᠭ᠎ᠠ ᠦᠭᠡ᠄ ᠶᠡᠬᠡ ᠰᠤᠷᠭᠠᠭᠤᠯᠢ ᠶᠢᠨ ᠪᠠᠭᠰᠢ᠂ ᠬᠢᠴᠢᠶᠡᠯ ᠦᠨ ᠲᠠᠩᠬᠢᠮ᠂ ᠡᠵᠡᠮᠳᠡᠯ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠬᠢᠴᠢᠶᠡᠯ ᠦᠨ ᠲᠠᠩᠬᠢᠮ ᠨᠢ ᠵᠢᠭᠠᠨ ᠰᠤᠷᠭᠠᠬᠤ ᠠᠭᠤᠯᠭ᠎ᠠ ᠪᠠᠷ ᠵᠠᠭᠤᠴᠢ ᠪᠣᠯᠭᠠᠨ ᠰᠤᠷᠤᠭᠴᠢᠳ ᠲᠠᠢ ᠰᠣᠯᠢᠯᠴᠠᠨ ᠬᠥᠳᠡᠯᠦᠯᠴᠡᠬᠦ ᠲᠠᠯᠠᠪᠤᠷ ᠪᠣᠯᠬᠤ ᠪᠠᠷ ᠪᠠᠷᠠᠬᠤ ᠦᠭᠡᠢ ᠮᠥᠨ ᠴᠦ ᠪᠠᠭᠰᠢ ᠬᠥᠮᠦᠨ ᠤ ᠡᠷᠬᠡ ᠪᠡᠨ ᠢᠯᠡᠳᠭᠡᠵᠦ᠂ ᠬᠢᠴᠢᠶᠡᠯ ᠦᠨ ᠲᠠᠩᠬᠢᠮ ᠤᠨ ᠡᠵᠡᠮᠳᠡᠯ ᠬᠢᠬᠦ ᠣᠷᠤᠨ ᠮᠥᠨ᠃ ᠪᠠᠭᠰᠢ ᠶᠢᠨ ᠵᠦᠢ ᠶᠣᠰᠤᠨ ᠤ ᠡᠵᠡᠮᠳᠡᠯ ᠪᠣᠯ ᠬᠢᠴᠢᠶᠡᠯ ᠦᠨ ᠲᠠᠩᠬᠢᠮ ᠤᠨ ᠵᠢᠭᠠᠨ ᠰᠤᠷᠭᠠᠬᠤ ᠶᠢᠨ ᠨᠢᠭᠡ ᠵᠦᠢᠯ ᠦᠨ ᠰᠠᠭᠤᠷᠢ ᠪᠠ ᠪᠠᠲᠤᠯᠠᠭ᠎ᠠ ᠮᠥᠨ᠃ ᠡᠨᠡ ᠬᠦ ᠰᠠᠭᠤᠷᠢ ᠪᠠ ᠪᠠᠲᠤᠯᠠᠭ᠎ᠠ ᠨᠢ ᠪᠠᠭᠰᠢ ᠶᠢᠨ ᠰᠤᠷᠭᠠᠨ ᠬᠥᠮᠦᠵᠢᠭᠦᠯᠬᠦ ᠦᠵᠡᠯᠲᠡ ᠵᠢᠴᠢ ᠨᠡᠢᠭᠡᠮ ᠦᠨ ᠦᠨ᠎ᠡ ᠥᠷᠲᠡᠭ ᠦᠨ ᠦᠵᠡᠯᠲᠡ ᠶᠢᠨ ᠨᠥᠯᠦᠭᠡᠨ ᠳᠦ ᠦᠨᠳᠦᠰᠦᠯᠡᠭᠳᠡᠭᠰᠡᠨ ᠶᠤᠮ᠃