ᠭᠡᠷᠡᠯᠲᠦ ᠶᠢᠨ ᠲᠤᠭᠤᠵᠢᠰ ᠤᠨ ᠬᠡᠯᠡᠬᠦᠢ ᠶᠢᠨ ᠣᠨᠴᠠᠯᠢᠭ ᠰᠢᠨᠵᠢ
ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠨᠡᠢᠭᠡᠮ ᠦ᠋ᠨ ᠰᠢᠨᠵᠢᠯᠡᠬᠦ -> 201004
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/03/01
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠰᠦᠨ ᠭᠤᠸ᠎ᠠ
ᠵᠠᠩᠭᠢᠯᠠᠭ᠎ᠠ ᠦᠭᠡ᠄ ᠭᠡᠷᠡᠯᠲᠦ᠂ ᠲᠤᠭᠤᠵᠢᠰ᠂ ᠬᠡᠯᠡᠬᠦᠢ ᠶᠢᠨ ᠣᠨᠴᠠᠯᠢᠭ
ᠰᠠᠭᠤᠷᠢ ᠮᠥᠩᠭᠦᠨ ᠤ᠋ ᠳᠡᠮᠵᠢᠯᠭᠡ᠄ ᠲᠤᠰ ᠥᠭᠦᠯᠡᠯ ᠤᠯᠤᠰ ᠤᠨ ᠨᠡᠢᠭᠡᠮ ᠦᠨ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢ ᠮᠥᠩᠭᠦᠨ ᠤ︵ᠵᠥᠪᠰᠢᠶᠡᠷᠡᠭᠰᠡᠨ ᠳ᠋ᠤᠭᠠᠷ᠄10XZW037︶ ᠲᠡᠳᠭᠦᠮᠵᠢ ᠶᠢ ᠬᠦᠷᠲᠡᠭᠰᠡᠨ ᠪᠥᠭᠡᠳ ᠥᠪᠦᠷ ᠮᠣᠩᠭᠤᠯ ᠤᠨ ᠦᠨᠳᠦᠰᠦᠲᠡᠨ ᠤ ᠶᠡᠬᠡ ᠰᠤᠷᠭᠠᠭᠤᠯᠢ ᠶᠢᠨ ᠳ᠋ᠣᠺᠲ᠋ᠣᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢ ᠮᠥᠩᠭᠦᠨ ᠤ ᠲᠡᠳᠭᠦᠮᠵᠢ ᠶᠢ ᠬᠦᠷᠲᠡᠪᠡ᠃
ᠠᠭᠤᠯᠭ᠎ᠠ ᠶ᠋ᠢᠨ ᠲᠣᠪᠴᠢ᠄ ᠭᠡᠷᠡᠯᠲᠦ ᠪᠣᠯ ᠲᠤᠭᠤᠵᠢᠰ ᠤᠨ ᠬᠡᠯᠡᠬᠦᠢ ᠶᠢᠨ ᠲᠤᠬᠠᠢ ᠥᠨᠳᠦᠷ ᠤᠬᠠᠮᠰᠠᠷᠯᠠᠯ ᠲᠠᠢ ᠵᠣᠬᠢᠶᠠᠯᠴᠢ᠃ ᠲᠡᠷᠡ ᠪᠡᠷ ᠲᠤᠭᠤᠵᠢᠰ ᠤᠨ ᠬᠡᠯᠡᠬᠦᠢ ᠶᠢᠨ ᠣᠨᠴᠠᠯᠢᠭ ᠢ ᠲᠤᠬᠠᠢ ᠶᠢᠨ ᠣᠷᠤᠰᠢᠨ ᠠᠮᠢᠳᠤᠷᠠᠵᠤ ᠪᠠᠢᠭᠰᠠᠨ ᠰᠣᠶᠤᠯ ᠤᠨ ᠣᠷᠴᠢᠨ᠂ ᠰᠣᠶᠤᠯ ᠤᠨ ᠤᠯᠠᠮᠵᠢᠯᠠᠯ᠂ ᠨᠡᠩ ᠢᠯᠠᠩᠭᠤᠶ᠎ᠠ ᠵᠣᠬᠢᠶᠠᠯ ᠤᠨ ᠪᠠᠭᠠᠲᠤᠷ ᠤᠨ ᠪᠡᠶ᠎ᠡ ᠶᠢᠨ ᠭᠠᠷᠤᠯ᠂ ᠵᠠᠩ ᠠᠷᠠᠨᠰᠢᠨ᠂ ᠨᠠᠰᠤ ᠵᠢᠯ ᠲᠠᠢ ᠨᠢ ᠲᠣᠬᠢᠷᠠᠯᠴᠠᠭᠤᠯᠬᠤ ᠶᠢ ᠬᠢᠴᠢᠶᠡᠭᠰᠡᠨ ᠨᠢ ᠦᠨᠡᠯᠡᠭᠦᠰᠢᠲᠡᠢ ᠶᠤᠮ᠃ ᠲᠡᠷᠡ ᠪᠡᠷ20 ᠳ᠋ᠤᠭᠠᠷ ᠵᠠᠭᠤᠨ ᠤ ᠬᠣᠢᠨ᠎ᠠ ᠲᠠᠪᠢᠨ ᠵᠢᠯ ᠡᠴᠡ ᠨᠠᠭᠠᠰᠢᠬᠢ ᠮᠣᠩᠭᠤᠯ ᠲᠤᠭᠤᠵᠢᠰ ᠤᠨ ᠬᠦᠷᠢᠶᠡᠨ ᠳᠦ ᠪᠢᠴᠢᠭ᠌ ᠦᠨ ᠬᠡᠯᠡᠨ ᠤ ᠵᠣᠬᠢᠶᠠᠨ ᠪᠦᠲᠦᠭᠡᠯᠭᠡ ᠶᠢᠨ ᠲᠤᠷᠰᠢᠴᠠ ᠬᠢᠭᠰᠡᠨ ᠨᠢ ᠰᠢᠨ᠎ᠡ ᠰᠣᠷᠭᠤᠭ ᠠᠭᠤᠷ ᠠᠮᠢᠰᠭᠤᠯ ᠢ ᠰᠡᠩᠭᠢᠨᠡᠭᠦᠯᠵᠦ᠂ ᠤᠩᠰᠢᠭᠴᠢᠳ ᠲᠤ ᠣᠨᠴᠠᠭᠠᠢ ᠭᠤᠸ᠎ᠠ ᠬᠦᠷᠲᠡᠭᠡᠯ ᠦᠨ ᠣᠷᠤᠨ ᠵᠠᠢ ᠶᠢ ᠬᠠᠩᠭᠠᠵᠤ᠂ ᠮᠣᠩᠭᠤᠯ ᠲᠤᠭᠤᠵᠢᠰ ᠤᠨ ᠬᠡᠯᠪᠡᠷᠢ ᠶᠢ ᠪᠠᠶᠠᠯᠢᠭᠵᠢᠭᠤᠯᠤᠭᠰᠠᠨ ᠪᠠᠢᠨ᠎ᠠ᠃