ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

ᠬᠡᠯᠡᠨ ᠤ ᠨᠢᠭᠡᠴᠢ ᠪᠠ ᠤᠳᠭ᠎ᠠ ᠶᠢᠨ ᠨᠢᠭᠡᠴᠢ ᠶᠢ ᠲᠡᠩᠴᠡᠭᠦᠯᠬᠦ ᠶᠢᠨ ᠤᠴᠢᠷ

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠨᠡᠢᠭᠡᠮ ᠦ᠋ᠨ ᠰᠢᠨᠵᠢᠯᠡᠬᠦ -> 201004
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/03/01
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠡᠷᠳᠡᠮᠲᠦ
ᠵᠠᠩᠭᠢᠯᠠᠭ᠎ᠠ ᠦᠭᠡ᠄ ᠰᠢᠯᠦᠭ ᠦᠨ ᠣᠷᠴᠢᠭᠤᠯᠭ᠎ᠠ᠂ ᠬᠡᠯᠡᠨ ᠤ ᠨᠢᠭᠡᠴᠢ᠂ ᠤᠳᠭ᠎ᠠ ᠶᠢᠨ ᠨᠢᠭᠡᠴᠢ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠰᠢᠯᠦᠭ ᠭᠡᠪᠡᠯ ᠠᠯᠢᠪᠠ ᠤᠯᠤᠰ ᠤᠨ ᠬᠡᠯᠡᠨ ᠳᠦ ᠪᠦᠷ ᠰᠡᠳᠭᠢᠬᠦᠢ ᠶᠢᠨ ᠬᠠᠮᠤᠭ ᠤᠨ ᠳᠡᠭᠡᠳᠦ ᠲᠥᠪᠯᠡᠷᠡᠭᠰᠡᠨ ᠢᠯᠡᠷᠡᠯ ᠭᠡᠵᠦ ᠶᠠᠷᠢᠭᠳᠠᠳᠠᠭ ᠲᠤᠯᠠ ᠰᠢᠯᠦᠭ ᠦᠨ ᠣᠷᠴᠢᠭᠤᠯᠭ᠎ᠠ ᠭᠡᠪᠡᠯ ᠨᠡᠩ ᠬᠦᠨᠳᠦ ᠬᠡᠴᠡᠭᠦᠦ ᠪᠠᠢᠳᠠᠭ ᠭᠡᠰᠡᠨ ᠬᠠᠮᠲᠤ ᠶᠢᠨ ᠲᠠᠨᠢᠯᠲᠠ ᠪᠦᠷᠢᠯᠳᠦᠵᠡᠢ᠃ ᠰᠢᠯᠦᠭ ᠳᠠᠭᠤᠯᠠᠯ ᠢ ᠬᠥᠮᠦᠰ ᠶᠡᠷᠦ ᠡᠴᠡ ᠪᠡᠨ ᠬᠡᠯᠪᠡᠷᠢ ᠪᠠ ᠰᠦᠭ ᠰᠦᠯᠳᠡ ᠶᠢ ᠬᠠᠮᠲᠤᠷᠠᠭᠤᠯᠤᠭᠰᠠᠨ᠂ ᠠᠭᠤᠯᠭ᠎ᠠ ᠬᠡᠯᠪᠡᠷᠢ ᠶᠢᠨ ᠨᠢᠭᠡᠳᠦᠮᠡᠯ ᠴᠣᠭᠴᠠ ᠪᠣᠯᠬᠤ ᠤᠷᠠᠯᠢᠭ ᠤᠨ ᠪᠦᠲᠦᠭᠡᠭᠳᠡᠬᠦᠨ ᠢᠶᠡᠷ ᠦᠵᠡᠳᠡᠭ ᠲᠤᠯᠠ ᠰᠢᠯᠦᠭ ᠢ ᠣᠷᠴᠢᠭᠤᠯᠬᠤ ᠳ᠋ᠠᠭᠠᠨ ᠠᠭᠤᠯᠭ᠎ᠠ ᠶᠢᠨ ᠲᠠᠯ᠎ᠠ ᠪᠠᠷ ᠤᠭ ᠵᠣᠬᠢᠶᠠᠯ ᠳᠤ ᠦᠨᠡᠨᠴᠢ ᠰᠢᠳᠤᠷᠭᠤ ᠪᠠᠢᠬᠤ ᠶᠢ ᠪᠠᠲᠤᠯᠠᠵᠤ᠂ ᠤᠭ ᠳᠦᠷᠢ ᠶᠢ ᠨᠢ ᠬᠠᠮᠤᠭ ᠶᠡᠬᠡ ᠬᠡᠮᠵᠢᠶᠡᠨ ᠳᠦ ᠬᠠᠳᠠᠭᠠᠯᠠᠵᠤ᠂ ᠬᠡᠯᠪᠡᠷᠢ ᠶᠢᠨ ᠠᠳᠠᠯᠢᠪᠲᠤᠷ ᠪᠣᠯᠬᠤ ᠶᠢ ᠪᠠᠷᠢᠮᠲᠠᠯᠠᠵᠤ᠂ ᠤᠭ ᠬᠡᠯᠡᠨ ᠤ ᠣᠨᠴᠠᠯᠢᠭ ᠢ ᠣᠷᠴᠢᠭᠤᠯᠤᠭᠳᠠᠬᠤ ᠬᠡᠯᠡᠨ ᠤ ᠰᠣᠶᠤᠯ ᠠᠬᠤᠢ ᠳᠤ ᠠᠭᠤᠰᠭᠠᠨ ᠰᠢᠩᠭᠡᠭᠡᠬᠦ ᠶᠢ ᠣᠨᠴᠠ ᠠᠩᠬᠠᠷᠬᠤ ᠬᠡᠷᠡᠭᠲᠡᠢ᠃ ᠡᠢᠮᠦ ᠡᠴᠡ ᠬᠢᠲᠠᠳ ᠰᠢᠯᠦᠭ ᠢ ᠮᠣᠩᠭᠤᠯ ᠢᠶᠠᠷ ᠣᠷᠴᠢᠭᠤᠯᠬᠤ ᠳᠤ ᠬᠣᠶᠠᠷ ᠬᠡᠯᠡᠨ ᠤ ᠬᠡᠯᠡ ᠪᠠ ᠤᠳᠭ᠎ᠠ ᠶᠢᠨ ᠨᠢᠭᠡᠴᠢ ᠶᠢᠨ ᠣᠨᠴᠠᠯᠢᠭ ᠰᠢᠨᠵᠢ ᠶᠢ ᠦᠨᠳᠦᠰᠦᠯᠡᠵᠦ᠂ ᠤᠩᠰᠢᠯᠭ᠎ᠠ᠂ ᠬᠡᠯᠪᠡᠷᠢ ᠪᠠ ᠰᠠᠨᠠᠭ᠎ᠠ ᠠᠬᠤᠢ ᠶᠢᠨ ᠭᠤᠸ᠎ᠠ ᠰᠠᠢᠬᠠᠨ ᠢ ᠪᠦᠲᠦᠭᠡᠬᠦ ᠨᠢ ᠬᠠᠮᠤᠭ ᠤᠨ ᠭᠣᠣᠯ ᠡᠭᠦᠷᠭᠡ ᠪᠣᠯᠬᠤ ᠶᠤᠮ᠃