ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

ᠬᠠᠷᠢ ᠶᠢᠨ ᠨᠤᠲᠤᠭ ᠲᠤ ᠬᠢ ᠮᠣᠩᠭᠤᠯᠴᠤᠳ ᠪᠠ ᠲᠡᠳᠡᠨ ᠤ ᠬᠡᠯᠡ ᠶᠠᠷᠢᠶ᠎ᠠ

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠨᠡᠢᠭᠡᠮ ᠦ᠋ᠨ ᠰᠢᠨᠵᠢᠯᠡᠬᠦ -> 201004
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/03/01
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠪᠣ ᠮᠠᠨᠯᠢᠶᠠᠩ
ᠵᠠᠩᠭᠢᠯᠠᠭ᠎ᠠ ᠦᠭᠡ᠄ ᠶᠠᠫᠤᠨ ᠳᠤ ᠬᠢ ᠮᠣᠩᠭᠤᠯᠴᠤᠳ᠂ ᠮᠣᠩᠭᠤᠯ ᠰᠣᠶᠤᠯ᠂ ᠦᠨᠳᠦᠰᠦᠲᠡᠨ ᠤ ᠤᠬᠠᠮᠰᠠᠷ᠂ ᠬᠡᠯᠡ ᠶᠠᠷᠢᠶ᠎ᠠ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠥᠭᠦᠯᠡᠯ ᠳᠦ ᠬᠠᠷᠢ ᠨᠤᠲᠤᠭ ᠶᠠᠫᠤᠨ ᠭᠦᠷᠦᠨ ᠳᠦ ᠠᠵᠤ ᠲᠥᠷᠦᠨ ᠠᠵᠢᠯᠯᠠᠵᠤ ᠰᠤᠷᠤᠯᠴᠠᠵᠤ ᠪᠦᠬᠦᠢ ᠮᠣᠩᠭᠤᠯᠴᠤᠳ ᠤᠨ ᠮᠣᠩᠭᠤᠯ ᠰᠣᠶᠤᠯ ᠵᠠᠩᠰᠢᠯ ᠤᠨ ᠢᠶᠠᠨ ᠪᠠᠶᠠᠯᠢᠭ ᠣᠯᠠᠨ ᠬᠡᠯᠪᠡᠷᠢ ᠶᠢ ᠡᠯᠳᠡᠪ ᠠᠷᠭ᠎ᠠ ᠵᠠᠮ ᠢᠶᠠᠷ ᠰᠤᠷᠲᠠᠯᠴᠢᠯᠠᠨ ᠤᠬᠠᠭᠤᠯᠵᠤ᠂ ᠮᠥᠨ ᠮᠣᠩᠭᠤᠯ ᠰᠣᠶᠤᠯ ᠤᠨ ᠢᠶᠠᠨ ᠠᠴᠢᠶᠠᠯᠠᠭᠴᠢ ᠪᠣᠯᠤᠭᠰᠠᠨ ᠡᠬᠡ ᠬᠡᠯᠡ ᠪᠡᠨ ᠬᠡᠷᠬᠢᠨ ᠳᠡᠭᠡᠳᠦᠯᠡᠨ ᠬᠠᠮᠠᠭᠠᠯᠠᠵᠤ ᠬᠥᠨᠳᠦᠳᠭᠡᠨ ᠬᠥᠭᠵᠢᠭᠦᠯᠵᠦ ᠪᠠᠢᠭ᠎ᠠ ᠲᠡᠳᠡ ᠨᠠᠷ ᠤᠨ ᠬᠡᠯᠡ ᠶᠠᠷᠢᠶᠠᠨ ᠤ ᠠᠵᠢᠯᠯᠠᠭ᠎ᠠ ᠪᠠ ᠦᠨᠳᠦᠰᠦᠲᠡᠨ ᠤ ᠬᠡᠯᠡᠨ ᠤ ᠦᠵᠡᠯ ᠤᠬᠠᠮᠰᠠᠷ ᠤᠨ ᠲᠤᠬᠠᠢ ᠰᠢᠨᠵᠢᠯᠡᠵᠡᠢ᠃ ᠭᠡᠬᠦ ᠳᠦ ᠪᠡᠨ ᠵᠣᠬᠢᠶᠠᠭᠴᠢ ᠠᠴᠠ ᠬᠣᠢᠨ᠎ᠠ ᠡᠮᠦᠨ᠎ᠡ ᠬᠣᠶᠠᠷ ᠵᠢᠯ ᠤᠨ ᠬᠤᠭᠤᠴᠠᠭ᠎ᠠ ᠪᠠᠷ ᠶᠠᠫᠤᠨ ᠤ ᠬᠢᠹᠤ ᠪᠠ ᠲᠣᠣᠺᠢᠣ᠋ ᠳᠤ ᠠᠵᠢᠯᠯᠠᠵᠤ ᠰᠤᠷᠤᠯᠴᠠᠬᠤ ᠶᠢᠨ ᠳᠠᠯᠢᠮ ᠳᠤ᠂ ᠮᠣᠩᠭᠤᠯᠴᠤᠳ ᠤᠨ ᠨᠢᠭᠡ ᠬᠡᠰᠡᠭ ᠵᠢᠴᠢ ᠲᠡᠳᠡᠨ ᠤ ᠦᠷ᠎ᠡ ᠬᠡᠦᠬᠡᠳ ᠦᠨ ᠪᠠᠢᠳᠠᠯ ᠳᠤ ᠠᠵᠢᠭᠯᠠᠯᠲᠠ ᠬᠢᠵᠦ ᠥᠭᠦᠯᠡᠭᠰᠡᠨ ᠪᠠᠢᠨ᠎ᠠ᠃