ᠠ᠊· ᠣᠳᠽᠠᠷ ᠤᠨ ᠲᠤᠭᠤᠵᠢᠰ ᠲᠤ ᠬᠢ ᠬᠥᠮᠦᠨ ᠴᠢᠨᠠᠷ ᠤᠨ ᠲᠥᠭᠡᠷᠢᠭᠳᠡᠯ
ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠨᠡᠢᠭᠡᠮ ᠦ᠋ᠨ ᠰᠢᠨᠵᠢᠯᠡᠬᠦ -> 200803
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/03/01
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠴᠢᠩ ᠬᠤᠸᠠ
ᠵᠠᠩᠭᠢᠯᠠᠭ᠎ᠠ ᠦᠭᠡ᠄ ᠠ᠊ ᠣᠳᠽᠠᠷ᠂ ᠲᠤᠭᠤᠵᠢᠰ ᠪᠦᠲᠦᠭᠡᠯᠭᠡ᠂ ᠬᠥᠮᠦᠨ ᠴᠢᠨᠠᠷ᠂ ᠲᠥᠭᠡᠷᠢᠭᠳᠡᠯ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠤᠳᠭ᠎ᠠ ᠵᠣᠬᠢᠶᠠᠯ ᠪᠣᠯ ᠬᠥᠮᠦᠨ ᠦ᠌ ᠲᠤᠬᠠᠢ ᠰᠤᠳᠤᠯᠤᠯ ᠪᠠᠢᠵᠤ᠂ ᠬᠥᠮᠦᠨ ᠪᠤᠶᠤ ᠬᠥᠮᠦᠨ ᠴᠢᠨᠠᠷ ᠪᠣᠯ ᠤᠳᠭ᠎ᠠ ᠵᠣᠬᠢᠶᠠᠯ ᠤᠨ ᠭᠤᠸ᠎ᠠ ᠰᠠᠢᠬᠠᠨ ᠤ ᠬᠥᠭᠡᠭᠡᠴᠡᠯᠳᠦᠯ ᠦᠨ ᠭᠣᠣᠯᠳᠠᠯᠭ᠎ᠠ ᠪᠣᠯᠤᠨ᠎ᠠ᠃ ᠥᠭᠦᠯᠡᠯ ᠳᠦ ᠬᠥᠮᠦᠨ ᠴᠢᠨᠠᠷ ᠤᠨ ᠰᠢᠨᠡᠷᠬᠡᠭ ᠬᠠᠷᠠᠭᠠᠰᠤ ᠠᠴᠠ ᠵᠣᠬᠢᠶᠠᠯᠴᠢ ᠠ᠊ ᠣᠳᠽᠠᠷ ᠤᠨ ᠠᠩᠬᠠᠨ ᠤ ᠦᠶ᠎ᠡ ᠶᠢᠨ ᠲᠤᠭᠤᠵᠢᠰ ᠪᠦᠲᠦᠭᠡᠯᠭᠡ ᠳᠦ ᠬᠥᠮᠦᠨ ᠴᠢᠨᠠᠷ ᠬᠡᠷᠬᠢᠨ ᠲᠥᠭᠡᠷᠢᠭᠳᠡᠨ ᠢᠯᠡᠷᠡᠭᠰᠡᠨ ᠲᠤᠬᠠᠢ ᠰᠤᠳᠤᠯᠵᠠᠢ᠃ ᠭᠡᠬᠦ ᠳᠦ ᠪᠡᠨ ᠵᠣᠬᠢᠶᠠᠯᠴᠢ ᠶᠢᠨ ᠵᠣᠬᠢᠶᠠᠨ ᠪᠦᠲᠦᠭᠡᠬᠦ ᠵᠠᠮ ᠢᠶᠠᠨ ᠠᠩᠬ᠎ᠠ ᠠᠯᠬᠤᠭᠰᠠᠨ ᠰᠡᠳᠭᠢᠴᠡ ᠶᠢᠨ ᠨᠢᠭᠤᠴᠠ ᠪᠣᠯᠤᠨ ᠵᠣᠬᠢᠶᠠᠯ ᠤᠨ ᠪᠠᠭᠠᠲᠤᠷ ᠤᠨ ᠪᠣᠳᠤᠯ ᠰᠡᠳᠭᠢᠯ᠂ ᠬᠥᠮᠦᠨ ᠴᠢᠨᠠᠷ ᠨᠢ ᠶᠠᠮᠠᠷ ᠬᠣᠯᠪᠤᠭ᠎ᠠ ᠲᠠᠢ ᠪᠠᠢᠬᠤ ᠶᠢ ᠰᠢᠨᠵᠢᠯᠡᠵᠦ᠂ ᠵᠣᠬᠢᠶᠠᠯᠴᠢ ᠠ᠊ ᠣᠳᠽᠠᠷ ᠠᠩᠬᠠᠨ ᠤ ᠦᠶ᠎ᠡ ᠶᠢᠨ ᠪᠦᠲᠦᠭᠡᠯᠭᠡ ᠨᠦ᠍ᠭᠦᠳ ᠢ᠋ᠶ᠋ᠡᠨ ᠮᠣᠷᠢ ᠪᠠᠷ ᠰᠡᠳᠦᠪᠯᠡᠵᠦ ᠬᠥᠮᠦᠨ ᠴᠢᠨᠠᠷ ᠢ ᠲᠥᠭᠡᠷᠢᠭᠳᠡᠭᠦᠯᠦᠨ ᠢᠯᠡᠷᠡᠭᠦᠯᠦᠭᠰᠡᠨ ᠦ᠌ ᠰᠢᠯᠲᠠᠭᠠᠨ ᠪᠣᠯ ᠲᠡᠭᠦᠨ ᠦ᠌ ᠬᠠᠮᠲᠤᠯᠢᠭ ᠡᠵᠡᠭᠦᠢ ᠤᠬᠠᠮᠰᠠᠷ ᠠᠴᠠ ᠦᠨᠳᠦᠰᠦᠯᠡᠯ ᠲᠡᠢ︽ ᠤᠤᠷ ᠪᠢ︾ ᠶᠢᠨ ᠬᠢᠨᠢ ᠳᠣᠭᠳᠤᠯᠤᠯ ᠬᠢᠭᠡᠳ ᠲᠤᠬᠠᠢ ᠶᠢᠨ ᠬᠥᠮᠦᠨ ᠦ᠌ ᠡᠷᠢᠶᠡᠨ᠂ ᠨᠡᠢᠭᠡᠮ ᠦᠨ ᠪᠤᠳᠤᠯᠢᠶᠠᠨ ᠳᠤ ᠳᠤᠷ᠎ᠠ ᠦᠭᠡᠢᠴᠡᠨ ᠵᠢᠭᠰᠢᠭᠰᠡᠨ ᠰᠡᠳᠭᠢᠯᠭᠡ ᠲᠡᠢ ᠨᠢ ᠬᠣᠯᠪᠤᠭ᠎ᠠ ᠲᠠᠢ ᠭᠡᠵᠦ ᠦᠵᠡᠪᠡ᠃