ᠬᠤᠭᠤᠴᠠᠭᠠᠲᠦ ᠰᠡᠳᠭᠦᠯ
>
ᠮᠣᠩᠭᠤᠯ ᠬᠡᠯᠡ ᠪᠢᠴᠢᠭ
>
ᠪᠠᠷᠠᠭᠤᠨ ᠮᠣᠩᠭᠤᠯ ᠰᠤᠳᠤᠯᠤᠯ
>
ᠣᠢᠷᠠᠳ ᠰᠤᠳᠤᠯᠤᠯ
>
ᠥᠪᠦᠷ ᠮᠣᠩᠭᠤᠯ ᠤ᠋ᠨ ᠰᠤᠷᠭᠠᠨ ᠬᠥᠮᠦᠵᠢᠯ
>
ᠮᠣᠩᠭᠤᠯ ᠬᠡᠯᠡ ᠪᠢᠴᠢᠭ ᠦ᠋ᠨ ᠰᠤᠳᠤᠯᠤᠯᠭᠠᠨ ᠤ᠋ ᠮᠠᠲ᠋ᠧᠷᠢᠶᠠᠯ ᠤ᠋ᠨ ᠡᠮᠬᠢᠳᠭᠡᠯ
>
ᠮᠣᠩᠭᠤᠯ ᠬᠡᠯᠡ ᠤᠳᠭ᠎ᠠ ᠵᠣᠬᠢᠶᠠᠯ ᠤ᠋ᠨ ᠰᠢᠨᠵᠢᠯᠡᠭᠡᠨ

ᠴᠢᠩ ᠤᠯᠤᠰ ᠠᠴᠠ ᠬᠠᠯᠬ᠎ᠠ ᠮᠣᠩᠭᠤᠯ ᠳᠤ ᠲᠡᠳᠭᠦᠮᠵᠢ ᠦᠵᠡᠭᠦᠯᠦᠭᠰᠡᠨ ᠰᠢᠯᠲᠠᠭᠠᠨ

ᠢᠷᠡᠯᠲᠡ: ᠨᠡᠢᠭᠡᠮ ᠦ᠋ᠨ ᠰᠢᠨᠵᠢᠯᠡᠬᠦ ᠤᠬᠠᠭᠠᠨ ᠦ᠌ ᠮᠣᠩᠭᠤᠯ ᠬᠡᠯᠡ ᠦ᠌ ᠬᠤᠭᠤᠴᠠᠭᠠᠲᠦ ᠰᠡᠳᠭᠦᠯ -> ᠥᠪᠦᠷ ᠮᠣᠩᠭᠤᠯ ᠤ᠋ᠨ ᠦᠨᠳᠦᠰᠦᠲᠡᠨ ᠦ᠌ ᠶᠡᠬᠡ ᠰᠤᠷᠭᠠᠭᠤᠯᠢ ᠶ᠋ᠢᠨ ᠡᠷᠳᠡᠮ ᠰᠢᠨᠵᠢᠯᠡᠭᠡᠨ ᠦ᠌ ᠰᠡᠳᠭᠦᠯ ᠦ᠋ᠨ ᠨᠡᠢᠭᠡᠮ ᠦ᠋ᠨ ᠰᠢᠨᠵᠢᠯᠡᠬᠦ -> 201001
ᠮᠠᠲ᠋ᠧᠷᠢᠶᠠᠯ ᠶ᠋ᠢᠨ ᠬᠡᠯᠪᠡᠷᠢ: pdf
ᠳᠠᠮᠵᠢᠭᠤᠯᠤᠭᠰᠠᠨ ᠴᠠᠭ: 2019/03/01
ᠦᠵᠡᠭᠰᠡᠨ ᠤᠳᠠᠭ᠎ᠠ: 0ᠤᠳᠠᠭ᠎ᠠ
ᠵᠣᠬᠢᠶᠠᠭᠴᠢ᠄ ᠰᠢᠶᠠᠩ ᠯᠢᠶᠠᠨ
ᠵᠠᠩᠭᠢᠯᠠᠭ᠎ᠠ ᠦᠭᠡ᠄ ᠴᠢᠩ ᠲᠥᠷᠦ᠂ ᠬᠠᠯᠬ᠎ᠠ ᠮᠣᠩᠭᠤᠯ᠂ ᠲᠡᠳᠭᠦᠮᠵᠢ
ᠰᠠᠭᠤᠷᠢ ᠮᠥᠩᠭᠦᠨ ᠤ᠋ ᠳᠡᠮᠵᠢᠯᠭᠡ᠄ (ᠦᠭᠡᠢ)
ᠠᠭᠤᠯᠭ᠎ᠠ ᠶ᠋ᠢᠨ ᠲᠣᠪᠴᠢ᠄ ᠴᠢᠩ ᠲᠥᠷᠦ ᠬᠢᠯᠢ ᠬᠢᠵᠠᠭᠠᠷ ᠤᠨ ᠠᠮᠤᠷ ᠲᠦᠪᠰᠢᠨ ᠢ ᠬᠠᠮᠠᠭᠠᠯᠠᠵᠤ ᠤᠯᠤᠰ ᠲᠥᠷᠦ ᠪᠡᠨ ᠬᠦᠴᠦᠷᠬᠡᠭᠵᠢᠭᠦᠯᠬᠦ ᠶᠢᠨ ᠲᠥᠯᠦᠭᠡ ᠬᠠᠯᠬ᠎ᠠ ᠮᠣᠩᠭᠤᠯ ᠲᠠᠢ ᠬᠠᠷᠢᠴᠠᠭ᠎ᠠ ᠬᠣᠯᠪᠤᠭ᠎ᠠ ᠪᠠᠢᠭᠤᠯᠬᠤ᠂ ᠤᠷᠤᠭ ᠤᠨ ᠬᠠᠷᠢᠴᠠᠭ᠎ᠠ ᠪᠠᠢᠭᠤᠯᠬᠤ᠂ ᠨᠣᠶᠠᠨ ᠵᠡᠷᠭᠡ ᠡᠷᠭᠦᠮᠵᠢᠯᠡᠬᠦ ᠵᠡᠷᠭᠡ ᠠᠯᠢ ᠣᠯᠠᠨ ᠤᠯᠤᠰ ᠲᠥᠷᠦ ᠶᠢᠨ ᠠᠷᠭ᠎ᠠ ᠠᠪᠴᠠᠯ ᠢ ᠬᠡᠷᠡᠭᠵᠢᠭᠦᠯᠵᠦ ᠪᠠᠢᠵᠠᠢ᠃ ᠡᠭᠦᠨ ᠳᠦ ᠪᠠᠰᠠ ᠨᠢᠭᠡ ᠴᠢᠬᠤᠯᠠ ᠪᠣᠯᠬᠤ ᠲᠥᠷᠦ ᠶᠢᠨ ᠪᠣᠳᠤᠯᠭ᠎ᠠ ᠭᠡᠪᠡᠯ ᠡᠳ᠋ ᠪᠣᠳᠠᠰ ᠤᠨ ᠲᠡᠳᠭᠦᠮᠵᠢ ᠦᠵᠡᠭᠦᠯᠦᠭᠰᠡᠨ ᠶᠠᠪᠤᠳᠠᠯ ᠪᠣᠯᠤᠨ᠎ᠠ᠃ ᠲᠤᠰ ᠥᠭᠦᠯᠡᠯ ᠳᠦ ᠭᠣᠣᠯᠳᠠᠭᠤ ᠮᠠᠨᠵᠤ ᠮᠣᠩᠭᠤᠯ ᠤᠨ ᠳᠠᠩᠰᠠ ᠡᠪᠬᠡᠮᠡᠯ ᠢ ᠠᠰᠢᠭᠯᠠᠵᠤ᠂ ᠴᠢᠩ ᠤᠯᠤᠰ ᠪᠠ ᠬᠠᠯᠬ᠎ᠠ ᠶᠢᠨ ᠬᠠᠳ ᠨᠣᠶᠠᠳ ᠤᠨ ᠬᠣᠭᠤᠷᠤᠨᠳᠤ ᠨᠡᠪᠲᠡᠷᠡᠯᠴᠡᠭᠰᠡᠨ ᠠᠢᠯᠠᠳᠭᠠᠯ ᠪᠢᠴᠢᠭ᠌ ᠪᠠ ᠵᠠᠷᠯᠢᠭ ᠵᠠᠬᠢᠶ᠎ᠠ ᠶᠢ ᠦᠨᠳᠦᠰᠦᠯᠡᠨ᠂ ᠬᠠᠯᠬ᠎ᠠ ᠮᠣᠩᠭᠤᠯ ᠪᠠᠢᠭᠠᠯᠢ ᠶᠢᠨ ᠭᠠᠮᠰᠢᠭ᠂ ᠳᠠᠢᠨ ᠤ ᠭᠠᠮᠰᠢᠭ ᠲᠤ ᠳᠠᠭᠠᠷᠢᠭᠳᠠᠨ ᠣᠷᠤᠰᠢᠨ ᠲᠣᠭᠲᠠᠨᠢᠬᠤ ᠦᠨᠳᠦᠰᠦᠨ ᠨᠥᠬᠦᠴᠡᠯ ᠢᠶᠡᠨ ᠬᠠᠩᠭᠠᠵᠤ ᠳᠡᠢᠯᠬᠦ ᠦᠭᠡᠢ ᠬᠦᠴᠢᠷᠳᠡᠯᠲᠦ ᠪᠠᠢᠳᠠᠯ ᠳᠤ ᠴᠢᠩ ᠲᠥᠷᠦ ᠡᠴᠡ ᠬᠠᠮᠤᠭ ᠶᠡᠬᠡ ᠬᠡᠪᠴᠢᠶᠡᠨ ᠤ ᠡᠳ᠋ ᠪᠣᠳᠠᠰ ᠤᠨ ᠲᠡᠳᠭᠦᠮᠵᠢ ᠦᠵᠡᠭᠦᠯᠦᠭᠰᠡᠨ ᠤ ᠰᠢᠯᠲᠠᠭᠠᠨ ᠢ ᠡᠷᠢᠨ ᠰᠦᠪᠡᠭᠴᠢᠯᠡᠭᠰᠡᠨ ᠪᠠᠢᠨ᠎ᠠ᠃